ᠸᠠᠩ ᠶᠦᠩ ᠵᠢᠶᠦ᠋ᠨ ᠡᠮᠦᠨ᠎ᠡ ᠹᠷᠣᠨᠲ ᠤᠨ ᠡᠮᠡᠭᠲᠡᠢ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/3/7
C:\Users\Administrator\Desktop\1.jpg    
     3 ᠰᠠᠷ᠎ᠠ ᠶᠢᠨ 5 ᠤ ᠡᠳᠦᠷ᠂ 114  ᠳ᠋ᠤᠭᠡᠷ ︽3 · 8︾ ᠤ  ᠣᠯᠠᠨ ᠤᠯᠤᠰ ᠤᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ  ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠦᠷᠴᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠡᠭᠲᠡᠶ ᠺᠠᠳ᠋ᠷ᠂ ᠡᠮᠡᠭᠲᠡᠶ ᠠᠵᠢᠯᠲᠠᠨ ᠠᠵᠢᠯᠴᠢᠨ ᠢ ᠪᠣᠯᠭᠤᠭᠠᠨ ᠲᠣᠬᠤᠨᠢᠭᠤᠯᠵᠤ᠂ ᠲᠡᠳᠡᠨ ᠢᠶᠠᠷ ᠳᠠᠮᠵᠢᠭᠤᠯᠤᠨ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠤᠨ ᠥᠷᠭᠡᠨ ᠣᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠢᠷᠥᠭᠡᠯ ᠳᠡᠪᠰᠢᠭᠦᠯᠵᠡᠶ᠃
C:\Users\Administrator\Desktop\2.jpg
       ᠲᠣᠬᠤᠨᠢᠭᠤᠯᠬᠤ ᠶᠠᠪᠤᠴᠠ ᠳᠤ᠂ ᠸᠠᠩ ᠶᠦᠩ ᠵᠢᠶᠦ᠋ᠨ ᠠᠴᠠ ᠡᠮᠡᠭᠲᠡᠶᠢᠴᠦᠳ ᠤᠨ ᠲᠥᠯᠥᠭᠡᠯᠡᠭᠴᠢᠳ ᠲᠤ ᠴᠡᠴᠡᠭ ᠬᠦᠷᠭᠡᠵᠦ᠂ ᠲᠡᠳᠡᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠳᠤ ᠪᠠᠶᠠᠷ ᠤᠨ ᠡᠳᠦᠷ ᠤᠨ ᠮᠡᠨᠳᠦ  ᠬᠦᠷᠭᠡᠪᠡ᠃ ᠲᠡᠷᠡ ᠬᠡᠯᠡᠬᠦ ᠳᠡᠭᠡᠨ᠂ ᠥᠷᠭᠡᠨ ᠣᠯᠠᠨ ᠡᠮᠡᠭᠲᠡᠶ ᠨᠥᠬᠦᠳ ᠰᠠᠶᠢᠨ ᠰᠠᠶᠢᠬᠠᠨ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠵᠤ᠂ ᠴᠢᠳᠠᠪᠤᠷᠢ ᠪᠠᠨ ᠨᠡᠮᠡᠭᠳᠡᠭᠦᠯᠦᠨ᠂ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠨ᠂ ᠠᠤᠬᠠᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠵᠦ᠂ ᠳᠠᠬᠢᠨᠲᠠ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃    ᠸᠠᠩ ᠶᠦᠩ ᠵᠢᠶᠦ᠋ᠨ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ  ᠶᠢᠨ ᠬᠢᠨ ᠤᠯᠤᠰ ᠲᠥᠷᠥ ᠪᠠᠷ ᠬᠥᠲᠥᠯᠦᠨ ᠳᠠᠭᠠᠭᠤᠯᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠦᠨ᠂ ᠡᠮᠡᠭᠲᠡᠶᠢᠴᠦᠳ ᠤᠨ ᠬᠦᠴᠦᠨ ᠴᠢᠳᠠᠯ ᠢ ᠨᠠᠩ ᠰᠠᠶᠢᠲᠤᠷ ᠨᠢᠭ᠌ᠲᠡᠷᠡᠭᠤᠯᠵᠤ᠂ ᠠᠤᠬᠠᠨ ᠤ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
C:\Users\Administrator\Desktop\3.jpg
    ᠣᠶᠢᠯᠠᠭᠠᠭᠰᠠᠨ ᠢᠶᠠᠷ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠤᠷᠢᠳ ᠬᠤᠵᠢᠳ ᠪᠥᠬᠦ ᠤᠯᠤᠰ ᠤᠨ ︽ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠠᠯᠪᠠᠲᠠᠨ ᠤ ᠬᠠᠮᠲᠤ︾ ︽ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠠᠮᠲᠤ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ᠂  ᠪᠠᠶᠢᠴᠠᠭᠠᠬᠤ ᠬᠤᠷᠢᠶ᠎ᠠ ᠶᠢᠨ ᠳᠡᠳ᠋ ᠳᠠᠷᠤᠭ᠎ᠠ ᠯᠢᠦ ᠾᠦᠢ ᠾᠦᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠤ ᠨᠢᠭᠡᠳᠦᠭᠡᠷ ᠳᠡᠰ ᠤᠨ ᠭᠠᠪᠢᠶ᠎ᠠ ᠣᠯᠭᠤᠪᠠ᠃
C:\Users\Administrator\Desktop\4.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号