ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/3/7
C:\Users\Administrator\Desktop\1.jpg   
    3 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂  ᠬᠤᠰᠢᠭᠤᠨ ᠤ ᠰᠢᠭᠤᠳ ᠬᠠᠷᠢᠶ᠎ᠠ ᠬᠡᠰᠡᠭ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠴᠢᠶᠠᠩ ᠤᠨ ᠾᠧᠨᠠᠨ ᠤ ᠨᠠᠨᠶᠠᠩ ᠤᠨ ᠹᠠᠩ ᠴᠧᠩ ᠰᠢᠶᠠᠨ ᠤ ᠳ᠋ᠦ᠋ ᠱᠤ᠋ ᠪᠠᠯᠭᠠᠰᠤᠨ ᠤ ᠡᠷᠳᠡᠮᠲᠡᠨ ᠴᠢᠳᠠᠪᠤᠷᠢᠲᠠᠨ ᠤ ᠰᠤᠷᠭᠠᠭᠤᠯᠢ ᠶᠢᠨ ᠪᠠᠶᠢᠷᠢ ᠶᠢᠨ ᠠᠰᠠᠷ ᠲᠤ ᠭᠠᠯ  ᠤᠨ ᠠᠳᠡᠭᠳᠡᠯ ᠤᠨ ᠬᠡᠷᠡᠭ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ︽︿ᠮᠢᠩᠭᠠᠨ ᠲᠣᠰᠬᠤᠨ ᠢᠶᠠᠷ  ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ  ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ  ᠳᠠᠮᠵᠢᠭᠤᠯᠤᠨ ᠰᠤᠷᠤᠯᠴᠠᠵᠤ᠂ ᠼᠠᠢ ᠴᠢ ᠨᠥᠬᠦᠷ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ  ᠳᠠᠮᠵᠢᠭᠤᠯᠤᠨ ᠰᠤᠷᠤᠯᠴᠠᠪᠠ᠃ ᠬᠤᠷᠠᠯ ᠠᠴᠠ ᠬᠤᠰᠢᠭᠤᠨ ᠤ ᠲᠠᠰ ᠤᠨ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠥᠷᠥᠯ ᠵᠦᠢᠯ ᠤᠨ ᠪᠠᠯᠠ ᠬᠥᠷᠥᠩᠭᠡ ᠶᠢᠨ ᠡᠬᠡ ᠮᠥᠩᠭᠦ ᠶᠢᠨ ᠲᠦᠷᠢᠶᠡᠰᠦᠨ ᠮᠥᠩᠭᠦ ᠶᠢᠨ ᠠᠰᠢᠭ ᠣᠷᠣᠯᠭ᠎ᠠ ᠶᠢᠨ ᠮᠥᠩᠭᠦ ᠵᠢᠴᠢ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠲᠤᠰᠢᠶᠠᠭᠠᠳᠤᠶ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠠᠤᠬᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠵᠠᠷᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃    ᠬᠤᠷᠠᠯ ᠠᠴᠠ ᠭᠡᠷᠡᠯ ᠤᠨ ᠡᠨᠧᠷᠭᠢ ᠪᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠂ ᠰᠢᠨ ᠾᠦᠢ ᠠᠴᠠ ᠠᠭᠤᠯᠵᠠᠷ ᠬᠦᠷᠬᠦ 66 ᠺᠢᠯᠣᠸᠠᠲ ᠤᠨ ᠵᠠᠮ ᠱᠤᠭᠤᠮ ᠢ ᠥᠭᠡᠷᠡᠴᠢᠯᠡᠬᠦ ᠢᠨᠵᠧᠨᠧᠷᠢᠩ ᠤᠨ ᠭᠠᠵᠠᠷ ᠰᠢᠷᠣᠶ ᠲᠠᠲᠠᠪᠤᠷᠢᠯᠠᠬᠤ ᠤᠴᠢᠷ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠠᠰᠢᠭ ᠣᠷᠣᠯᠭ᠎ᠠ ᠶᠢᠨ ᠮᠥᠩᠭᠦ ᠪᠠᠷ ᠰᠧ ᠵᠢᠶᠠ ᠽᠢ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠲᠥᠷᠥᠯ ᠵᠦᠢᠯ ᠤᠨ ᠨᠠᠷᠢᠮᠤ ᠪᠣᠯᠪᠠᠰᠤᠷᠠᠭᠤᠯᠬᠤ ᠦᠢᠯᠡᠳᠪᠦᠷᠢ ᠶᠢᠨ ᠢᠵᠢ ᠪᠦᠷᠢᠳᠦᠭᠦᠯᠬᠦ ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ ᠤᠴᠢᠷ ᠶᠠᠪᠤᠳᠠᠯ᠂ ᠠᠤᠬᠠᠨ ᠬᠤᠰᠢᠭᠤ ᠥᠨᠳᠥᠷ ᠪᠠᠷᠢᠮᠵᠢᠶᠠᠲᠤ ᠦᠯᠡᠳᠡᠪᠦᠷᠢ ᠪᠡᠯᠡ ᠮᠥᠩᠭᠦ ᠶᠢ ᠠᠰᠢᠭᠯᠠᠨ ᠥᠨᠳᠥᠷ ᠪᠠᠷᠢᠮᠵᠢᠶᠠᠲᠤ ᠲᠥᠷᠥᠯ ᠵᠦᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠳᠠᠬᠢᠨ ᠲᠣᠬᠢᠷᠠᠭᠤᠯᠵᠤ᠂ ᠠᠤᠬᠠᠨ ᠬᠤᠰᠢᠭᠤᠨ ᠤ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ ᠠᠰᠢᠭᠯᠠᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ  ᠵᠦᠢᠯ ᠢ ᠬᠡᠷᠡᠭᠵᠢᠭᠦᠯᠬᠦ ᠬᠠᠮᠢᠶ᠎ᠠ ᠪᠥᠬᠦᠶ ᠤᠴᠢᠷ ᠶᠠᠪᠤᠳᠠᠯ᠂ ᠨᠡᠶᠢᠭᠡᠮ ᠤᠨ ᠬᠥᠷᠥᠩᠭᠡ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠤ ᠣᠷᠣᠯᠴᠠᠬᠤ ᠬᠠᠮᠢᠶ᠎ᠠ ᠪᠥᠬᠦᠶ ᠤᠴᠢᠷ ᠶᠠᠪᠤᠳᠠᠯ᠂  ᠮᠧᠩ ᠱᠤ᠋ ᠪᠦᠯᠦᠭᠯᠡᠯ ᠤᠨ PPP ᠲᠥᠷᠥᠯ  ᠵᠦᠢᠯ ᠢ ᠳᠠᠭᠤᠰᠬᠠᠬᠤ ᠭᠡᠷ᠎ᠡ ᠶᠢᠨ ᠤᠴᠢᠷ ᠶᠠᠪᠤᠳᠠᠯ ᠪᠠ ᠤᠯᠤᠰ ᠤᠨ ᠵᠠᠮ ᠤᠨ 305 ᠱᠤᠭᠤᠮ ᠤᠨ ᠳ᠋ᠠ ᠾᠸᠢ ᠱᠠᠨ ᠠᠴᠠ ᠶᠠᠩ ᠴᠠᠩ ᠬᠥᠷᠬᠦ ᠵᠠᠮ ᠤᠨ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠳᠠᠭᠠᠭᠠᠴᠢᠯᠠᠯᠲᠠ ᠵᠠᠷᠯᠠᠬᠤ ᠬᠢᠷᠢ ᠬᠡᠮ ᠤᠨ ᠨᠥᠬᠦᠴᠡᠯ ᠳᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ ᠤᠴᠢᠷ ᠶᠠᠪᠤᠳᠠᠯ ᠢ ᠰᠣᠳᠤᠯᠪᠠ᠃
C:\Users\Administrator\Desktop\2.jpg
    ᠬᠤᠷᠠᠯ ᠠᠴᠠ ︽ᠠᠤᠬᠠᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠠᠳᠠ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠲᠣᠭᠤᠷᠢᠨ ᠪᠠᠶᠢᠴᠠᠭᠠᠯᠲᠠ ᠬᠢᠵᠦ ᠬᠠᠷᠢᠭᠤ ᠲᠤᠰᠬᠠᠬᠰᠠᠨ ᠰᠠᠨᠠᠯ ᠢ ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠦᠯ ︵ᠬᠢᠨᠠᠨ ᠵᠥᠪᠯᠡᠬᠦ ᠨᠤᠤᠷᠠᠭ︶︾᠂ ︽ᠠᠤᠬᠠᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠪᠣᠯᠤᠨ ︽ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ ᠶᠠᠩ ᠴᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠣᠢ ᠶᠢ ᠲᠠᠲᠠᠪᠤᠷᠢᠯᠠᠨ ᠲᠥᠪᠬᠢᠨᠡᠭᠦᠯᠬᠦ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ︵ᠰᠠᠨᠠᠯ ᠬᠤᠷᠢᠶᠠᠬᠤ ᠨᠤᠤᠷᠠᠭ︶ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠣᠯᠳᠠᠯᠭ᠎ᠠ ᠲᠠᠢ  ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠰᠢᠷᠣᠢ ᠶᠢᠨ ᠡᠯᠧᠮᠧᠨ᠋ᠲ ᠢ ᠲᠤᠬᠢᠷᠠᠭᠤᠯᠬᠤ ᠨᠠᠷᠢᠯᠢᠭ ᠣᠨᠣᠪᠴᠢᠲᠤ ᠴᠢᠨᠠᠷ ᠪᠣᠯᠤᠨ ᠨᠡᠭᠡᠭᠡᠨ ᠠᠰᠢᠭᠯᠠᠬᠤ ᠲᠦᠪᠰᠢᠨ ᠢ ᠲᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠬᠡᠯᠪᠡᠷᠢ ᠪᠠᠨ ᠬᠤᠪᠢᠷᠠᠭᠤᠯᠬᠤ ᠠᠵᠠ ᠲᠣᠬᠢᠶᠠᠯ ᠢ ᠪᠠᠲᠤ ᠡᠵᠡᠮᠳᠡᠵᠦ᠂ ᠭᠤᠣᠯᠳᠠᠯᠭ᠎ᠠ ᠲᠠᠢ ᠬᠦᠷᠢᠶᠡᠨ ᠤ ᠭᠤᠣᠯᠯᠠᠭᠴᠢ ᠮᠡᠷᠭᠡᠵᠢᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠦᠨᠡᠨᠬᠦ ᠴᠢᠩᠭᠠᠳᠬᠠᠵᠤ᠂ ᠨᠡᠩ ᠦᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠥᠬᠦ ᠬᠤᠰᠢᠭᠤᠨ ᠤ ᠭᠤᠤᠯ ᠠᠵᠢᠯ ᠪᠠ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠪᠥᠬᠦ ᠵᠢᠯ ᠤᠨ ᠡᠯ᠎ᠡ  ᠵᠦᠢᠯ ᠤᠨ ᠠᠵᠢᠯ ᠢ ᠬᠦᠴᠦᠯᠡᠨ  ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠭᠦᠨᠵᠡᠭᠡᠶ ᠬᠡᠷᠡᠭᠯᠡᠨ᠂ ᠬᠥᠳᠡᠭᠡ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠭᠤᠷᠬᠠᠶ ᠶᠢᠨ ᠠᠵᠤ ᠦᠢᠯᠡᠰ᠂ ᠠᠶᠤᠯ ᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
C:\Users\Administrator\Desktop\3.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号