︽2024 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2024/3/8
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠤᠯᠪᠣᠭᠠᠯᠠᠨ ︽2024 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠡᠳ᠋ ᠰᠤᠷᠭᠠᠨ ﹇2024﹈ 2 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠳᠠᠷᠠᠭᠠᠬᠢ ᠮᠡᠲᠦ ᠲᠠᠶᠢᠯᠤᠮᠵᠢ ᠬᠢᠪᠡ᠄      1. ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠤᠢ︖      ᠬᠠᠷᠢᠭᠤᠯᠲᠠ᠄ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠢᠨᠠᠮᠠᠭᠠᠢ ᠰᠤᠳᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠲᠥᠷᠥ ᠶᠢᠨ ᠪᠣᠳᠣᠯᠭ᠎ᠠ ᠶᠢ 2024 ᠣᠨ ᠳᠤ ᠦᠷᠭᠦᠯᠵᠢᠯᠡᠭᠦᠯᠦᠨ ᠬᠡᠷᠡᠭᠵᠢᠭᠦᠯᠬᠦ ᠪᠠᠷ ᠲᠣᠭᠲᠠᠪᠠ᠃      ᠲᠣᠰ ᠤᠳᠠᠭᠠᠨ ᠤ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠨᠢ᠂ ᠵᠢᠱᠢᠯᠲᠡ ᠪᠠᠷ 24.4 ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ ᠬᠠᠰᠤᠨ ᠬᠡᠯᠲᠦᠷᠢᠭᠦᠯᠵᠦ᠂ ᠪᠠᠷᠤᠭ 550 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠰᠢᠭ ᠬᠦᠷᠲᠡᠭᠡᠨ᠎ᠡ᠂ ᠡᠨᠡ ᠨᠢ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠪᠠ ᠠᠵᠢᠯ ᠣᠯᠬᠤ ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠢ ᠬᠠᠪᠰᠤᠷᠤᠨ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠨᠢ ᠬᠠᠮᠠᠭᠠᠯᠠᠵᠤ᠂ ᠲᠡᠳᠡᠨ ᠤ ᠤᠷᠤᠭᠰᠢᠲᠠᠢ ᠪᠠᠷ ᠠᠵᠢᠯ ᠣᠯᠬᠤ ᠶᠢ ᠠᠬᠢᠭᠤᠯᠬᠤ ᠳᠤ ᠠᠰᠢᠭᠲᠠᠢ ᠶᠤᠮ᠃      2. ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠪᠠ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠡᠲᠡᠭᠡᠳ ᠨᠢ ᠬᠡᠨ ᠪᠣᠶ︖       ᠬᠠᠷᠢᠭᠤᠯᠲᠠ᠄ ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠪᠠ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠡᠲᠡᠭᠡᠳ ᠪᠣᠯ 2024 ᠣᠨ ᠵᠢᠴᠢ ᠲᠡᠭᠦᠨ ᠠᠴᠠ ᠡᠮᠦᠨᠡᠬᠢ ᠵᠢᠯ ᠤᠳ ᠲᠤ ᠲᠡᠭᠦᠰᠦᠭᠰᠡᠨ᠂ 2024 ᠣᠨ ᠳᠤ ᠡᠬᠡ ᠮᠥᠩᠭᠦ ᠪᠤᠶᠤ ᠬᠦᠦ ᠮᠥᠩᠭᠦ ᠪᠠᠨ ᠲᠥᠯᠥᠬᠦ ᠶᠣᠰᠣᠲᠠᠢ ᠵᠢᠭᠡᠯᠡᠯᠭᠡ ᠵᠢᠭᠡᠯᠡᠭᠰᠡᠨ ᠰᠤᠷᠤᠭᠴᠢᠳ ᠪᠣᠯᠣᠨ᠎ᠠ᠃      ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠨ ᠨᠢᠭᠡᠨᠲᠡ ᠲᠦᠯᠦᠵᠦ ᠳᠠᠭᠤᠰᠬᠠᠭᠰᠠᠨ ᠲᠡᠭᠦᠰᠬᠦ ᠰᠤᠷᠤᠭᠴᠢᠳ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠤᠰᠠᠯᠠᠮᠵᠢ ᠶᠢᠨ ᠬᠡᠪᠴᠢᠶᠡᠨ ᠳᠤ ᠪᠠᠭᠲᠠᠬᠤ ᠦᠭᠡᠢ᠃      3. ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠬᠡᠪᠴᠢᠶ᠎ᠡ ᠶᠢ ᠬᠡᠷᠬᠢᠨ ᠲᠣᠭᠲᠠᠭᠠᠬᠤ ᠪᠣᠶ︖ ᠭᠤᠶᠤᠴᠢᠯᠠᠬᠤ ᠴᠢᠬᠤᠯᠠᠲᠠᠢ ᠦᠦ︖       ᠬᠠᠷᠢᠭᠤᠯᠲᠠ᠄ ᠲᠣᠰ ᠤᠳᠠᠭᠠᠨ ᠤ ᠬᠡᠯᠲᠦᠷᠢᠭᠦᠯᠦᠭᠰᠡᠨ ᠨᠢ 2024 ᠣᠨ ᠳᠤ ᠲᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠪᠣᠯᠣᠨ᠎ᠠ᠂ ᠵᠢᠭᠡᠯᠡᠯᠭᠡ ᠵᠢᠭᠡᠯᠡᠭᠰᠡᠨ ᠰᠤᠷᠤᠭᠴᠢᠳ ᠭᠤᠶᠤᠴᠢᠯᠠᠬᠤ ᠴᠢᠬᠤᠯᠠ ᠦᠭᠡᠢ᠂ ᠳᠠᠭᠠᠭᠠᠨ ᠭᠦᠢᠴᠡᠳᠬᠡᠬᠦ ᠪᠠᠩᠬᠢ ᠰᠢᠭᠤᠳ ᠭᠦᠢᠴᠡᠳᠬᠡᠨ᠎ᠡ᠃      ᠨᠢᠭᠡ ᠳᠤ 2024 ᠣᠨ ᠳᠤ ᠰᠢᠨ᠎ᠡ ᠪᠠᠷ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠢ ᠳᠠᠮ ᠬᠦᠦ ᠥᠭᠬᠦ ᠤᠴᠢᠷ ᠠᠴᠠ᠂ ᠲᠡᠭᠦᠰᠦᠭᠰᠡᠨ ᠬᠤᠶᠢᠨ᠎ᠠ ᠲᠥᠯᠥᠬᠦ ᠬᠤᠭᠤᠴᠠᠭᠠᠨ ᠳᠤ ᠣᠷᠣᠭᠰᠠᠨ ᠤ ᠳᠠᠷᠠᠭ᠎ᠠ᠂ 2024 ᠣᠨ ᠳᠤ ᠬᠤᠪᠢ ᠬᠥᠮᠥᠨ ᠤ ᠲᠥᠯᠥᠬᠦ ᠶᠣᠰᠣᠲᠠᠢ ᠬᠦᠦ ᠮᠥᠩᠭᠦ ᠶᠢ ᠨᠢ ᠬᠡᠯᠲᠦᠷᠢᠭᠦᠯᠦᠨ᠎ᠡ᠃      ᠬᠤᠶᠠᠷ ᠲᠤ ᠥᠩᠭᠡᠷᠡᠭᠰᠡᠨ ᠵᠢᠯ ᠤᠳ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ 2024 ᠣᠨ ᠳᠤ ᠬᠤᠪᠢ ᠬᠥᠮᠥᠨ ᠤ ᠲᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠦᠨ᠎ᠡ᠂ ᠡᠭᠦᠨ ᠳᠤ ᠥᠩᠭᠡᠷᠡᠭᠰᠡᠨ ᠵᠢᠯ ᠤᠳ ᠤᠨ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ 2024 ᠣᠨ ᠳᠤ ᠲᠦᠷᠦᠭᠰᠡᠨ ᠲᠣᠷᠭᠠᠭᠤᠯᠢ ᠶᠢᠨ ᠬᠦᠦ ᠮᠥᠩᠭᠦ ᠶᠢ ᠪᠠᠭᠲᠠᠭᠠᠨ᠎ᠠ᠃      4. ᠥᠩᠭᠡᠷᠡᠭᠰᠡᠨ ᠵᠢᠯ ᠤᠳ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠬᠡᠷᠪᠡ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ 2024 ᠣᠨ ᠤ ᠬᠦᠦ ᠮᠥᠩᠭᠦ ᠪᠠᠨ ᠨᠢᠭᠡᠨᠲᠡ ᠲᠥᠯᠥᠭᠰᠡᠨ ᠪᠠᠶᠢᠪᠠᠯ ᠬᠡᠯᠲᠦᠷᠢᠭᠦᠯᠵᠦ ᠪᠣᠯᠣᠨ᠎ᠠ ᠦᠦ︖      ᠬᠠᠷᠢᠭᠤᠯᠲᠠ᠄ ᠥᠩᠭᠡᠷᠡᠭᠰᠡᠨ ᠵᠢᠯ ᠤᠳ ᠤᠨ ᠲᠤ ᠲᠡᠭᠦᠰᠦᠭᠰᠡᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠲᠥᠯᠥᠭᠰᠡᠨ 2024 ᠣᠨ ᠤ ᠬᠦᠦ ᠮᠥᠩᠭᠦ ᠶᠢ ᠬᠤᠶᠠᠷ ᠵᠦᠢᠯ ᠤᠨ ᠪᠠᠶᠢᠳᠠᠯ ᠳᠤ ᠬᠤᠪᠢᠶᠠᠵᠤ ᠬᠡᠯᠲᠦᠷᠢᠭᠦᠯᠦᠨ᠎ᠡ᠃      ᠨᠢᠭᠡ ᠳᠤ ᠳᠠᠭᠠᠭᠠᠨ ᠭᠦᠢᠴᠡᠳᠬᠡᠬᠦ ᠪᠠᠩᠬᠢ ᠵᠣᠭᠤᠰ ᠰᠠᠭᠤᠯᠭᠠᠨ ᠬᠠᠰᠤᠭᠰᠠᠨ ᠦᠭᠡᠢ ᠪᠠᠶᠢᠪᠠᠯ᠂ ᠵᠣᠬᠢᠬᠤ ᠪᠡᠯᠡ ᠮᠥᠩᠭᠦ ᠶᠢ ᠳᠠᠭᠢᠵᠤ ᠬᠠᠰᠤᠬᠤ ᠦᠭᠡᠢ᠂ ᠵᠢᠭᠡᠯᠡᠯᠭᠡ ᠵᠢᠭᠡᠯᠡᠭᠰᠡᠨ ᠰᠤᠷᠤᠭᠴᠢᠳ ᠥᠪᠡᠰᠦᠪᠡᠨ ᠬᠡᠷᠡᠭᠯᠡᠨ᠎ᠡ᠃      ᠬᠤᠶᠠᠷ ᠲᠤ ᠳᠠᠭᠠᠭᠠᠨ ᠭᠦᠢᠴᠡᠳᠬᠡᠬᠦ ᠪᠠᠩᠬᠢ ᠨᠢ ᠨᠢᠭᠡᠨᠲᠡ ᠰᠠᠭᠤᠯᠭᠠᠨ ᠬᠠᠰᠤᠭᠰᠠᠨ ᠪᠠᠶᠢᠪᠠᠯ᠂ ᠨᠢᠭᠡᠨᠲᠡ ᠰᠠᠭᠤᠯᠭᠠᠨ ᠬᠤᠷᠢᠶᠠᠭᠰᠠᠨ ᠬᠡᠯᠲᠦᠷᠢᠭᠦᠯᠬᠦ ᠶᠣᠰᠣᠲᠠᠢ ᠬᠦᠦ ᠮᠥᠩᠭᠦ ᠶᠢ ᠬᠤᠪᠢ ᠬᠥᠮᠥᠨ ᠤ ᠲᠠᠩᠰᠠᠨ ᠡᠷᠦᠭᠡ ᠳᠤ ᠨᠢ ᠪᠤᠴᠠᠭᠠᠨ᠎ᠠ᠃      5. ︽ᠮᠡᠳᠡᠭᠳᠡᠯ︾ ᠳᠠᠬᠢ ︽ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠮ ᠬᠦᠦ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠬᠡᠯᠲᠦᠷᠢᠭᠦᠯᠦᠭᠰᠡᠨ ᠬᠦᠦ ᠮᠥᠩᠭᠦ ᠶᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠤᠰ ᠲᠤᠰ ᠡᠭᠦᠷᠭᠡᠯᠡᠨ᠎ᠡ︾ ᠭᠡᠳᠡᠭ ᠢ ᠬᠡᠷᠬᠢᠨ ᠣᠶᠢᠯᠠᠭᠠᠬᠤ ᠪᠤᠶ︖      ᠬᠠᠷᠢᠭᠤᠯᠲᠠ᠄ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠴᠥᠮ ᠡᠳ᠋ ᠤᠨ ᠵᠠᠰᠠᠭ ᠠᠴᠠ ᠨᠥᠬᠦᠪᠦᠷᠢᠯᠡᠵᠦ᠂ ᠳᠠᠮ ᠬᠦᠦ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠣᠰ ᠲᠣᠰ ᠡᠭᠦᠷᠭᠡᠯᠡᠨ᠎ᠡ᠃ ᠲᠣᠰ ᠤᠳᠠᠭᠠᠨ ᠤ ᠬᠦᠦ ᠮᠥᠩᠭᠦ ᠶᠢ ᠬᠡᠯᠲᠦᠷᠢᠭᠦᠯᠬᠦ ᠳᠤ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠪᠣᠳᠠᠲᠠᠢ ᠲᠣᠬᠢᠷᠠᠭᠤᠯᠤᠯᠲᠠ ᠶᠢᠨ ᠠᠷᠭ᠎ᠠ ᠮᠠᠶ᠋ᠢᠭ᠄ ᠬᠦᠦ ᠮᠥᠩᠭᠦ ᠶᠢ ᠬᠡᠯᠲᠦᠷᠢᠭᠦᠯᠬᠦ ᠳᠤ ᠬᠡᠷᠡᠭᠰᠡᠬᠦ ᠪᠡᠯᠡ ᠮᠥᠩᠭᠦ ᠶᠢ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ︶ ᠪᠠᠷ ᠨᠢᠭᠡᠴᠢ ᠪᠣᠯᠭᠠᠵᠤ᠂ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠨᠢᠭᠡᠨᠲᠡ ᠳᠠᠭᠠᠭᠠᠨ ᠭᠦᠢᠴᠡᠳᠬᠡᠬᠦ ᠪᠠᠩᠬᠢ ᠳᠤ ᠰᠠᠯᠭᠠᠨ ᠥᠭᠭᠦᠭᠰᠡᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠦᠷᠢ ᠮᠥᠩᠭᠦᠨ ᠤ ᠬᠡᠷᠡᠭᠯᠡᠵᠦ ᠪᠣᠯᠬᠤ ᠦᠯᠡᠳᠡᠭᠡᠯ ᠪᠡᠯᠡ ᠮᠥᠩᠭᠦ ᠠᠴᠠ ᠲᠥᠯᠥᠵᠦ ᠪᠣᠯᠣᠨ᠎ᠠ᠃ ᠬᠦᠷᠦᠯᠴᠡᠬᠦ ᠦᠭᠡᠢ ᠬᠡᠰᠡᠭ ᠪᠤᠶᠤ ᠦᠯᠡᠳᠡᠭᠡᠯ ᠪᠡᠯᠡ ᠮᠥᠩᠭᠦ ᠪᠠᠶᠢᠬᠤ ᠦᠭᠡᠢ ᠮᠤᠵᠢ ᠣᠷᠣᠨ ᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠲᠣᠰ ᠲᠣᠰ 2024 ᠣᠨ ᠤ ᠲᠥᠰᠥᠪ ᠲᠤ ᠪᠠᠨ ᠲᠣᠬᠢᠷᠠᠭᠤᠯᠤᠨ᠎ᠠ᠃      6. 2024 ᠣᠨ ᠳᠤ ᠲᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠬᠡ ᠮᠥᠩᠭᠦ ᠶᠢ ᠨᠢᠭᠡ ᠵᠢᠯ ᠬᠤᠶᠢᠰᠢᠯᠠᠭᠤᠯᠤᠨ ᠲᠥᠯᠥᠬᠦ ᠪᠠᠷ ᠭᠤᠶᠤᠴᠢᠯᠠᠵᠤ ᠪᠣᠯᠣᠨ᠎ᠠ᠂ ᠬᠡᠷᠬᠢᠨ ᠭᠦᠢᠴᠡᠳᠬᠡᠬᠦ ᠪᠤᠶ       ᠬᠠᠷᠢᠭᠤᠯᠲᠠ᠄ ᠨᠢᠭᠡ ᠳᠤ ᠡᠬᠡ ᠮᠥᠩᠭᠦ ᠪᠤᠴᠠᠭᠠᠬᠤ ᠬᠤᠭᠤᠴᠠᠭ᠎ᠠ ᠪᠠᠨ ᠤᠷᠲᠤᠳᠬᠠᠭᠰᠠᠨ ᠵᠢᠭᠡᠯᠡᠯᠭᠡ ᠵᠢᠭᠡᠯᠡᠭᠰᠡᠨ ᠰᠤᠷᠤᠭᠴᠢᠳ 2024 ᠣᠨ ᠳᠤ ᠵᠢᠭᠡᠯᠡᠯᠭᠡ ᠶᠢᠨ ᠡᠬᠡ ᠮᠥᠩᠭᠦ ᠪᠠᠨ ᠲᠦᠯᠦᠬᠦ ᠴᠢᠬᠤᠯᠠ ᠦᠭᠡᠢ ᠪᠣᠯᠬᠤᠷ ᠵᠢᠭᠡᠯᠡᠯᠭᠡ ᠶᠢᠨ ᠡᠬᠡ ᠮᠥᠩᠭᠦ ᠪᠠᠨ ᠬᠤᠶᠢᠰᠢᠯᠠᠭᠤᠯᠤᠨ ᠲᠦᠯᠦᠬᠦ ᠪᠠᠷ ᠭᠤᠶᠤᠴᠢᠯᠠᠬᠤ ᠴᠢᠬᠤᠯᠠ ᠦᠭᠡᠢ᠃      ᠬᠤᠶᠠᠷ ᠲᠤ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠬᠤ ᠬᠤᠭᠤᠴᠠᠭᠠᠨ ᠳᠤ ᠪᠠᠶᠢᠭ᠎ᠠ ᠵᠢᠭᠡᠯᠡᠯᠭᠡ ᠵᠢᠭᠡᠯᠡᠭᠰᠡᠨ ᠰᠤᠷᠤᠭᠴᠢᠳ ᠥᠪᠡᠷᠲᠡᠭᠡᠨ ᠭᠤᠶᠤᠴᠢᠯᠠᠬᠤ ᠶᠢᠨ ᠬᠠᠮᠲᠤ ᠳᠠᠭᠠᠭᠠᠨ ᠭᠦᠢᠴᠡᠳᠬᠡᠬᠦ ᠪᠠᠩᠬᠢ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡᠯ᠂ 2024 ᠣᠨ ᠤ ᠵᠢᠭᠡᠯᠡᠯᠭᠡ ᠶᠢᠨ ᠡᠬᠡ ᠮᠥᠩᠭᠦ ᠪᠠᠨ 1 ᠵᠢᠯ ᠬᠤᠶᠢᠰᠢᠯᠠᠭᠤᠯᠤᠨ ᠲᠥᠯᠥᠵᠦ ᠪᠣᠯᠣᠨ᠎ᠠ᠂ ᠬᠤᠭᠤᠴᠠᠭ᠎ᠠ ᠶᠢ ᠤᠷᠲᠤᠳᠬᠠᠭᠰᠠᠨ ᠵᠢᠭᠡᠯᠡᠯᠭᠡ ᠳᠤ ᠲᠣᠷᠭᠠᠭᠤᠯᠢ ᠶᠢᠨ ᠬᠦᠦ ᠮᠥᠩᠭᠦ ᠪᠠ ᠳᠠᠪᠬᠤᠷ ᠬᠦᠦ ᠮᠥᠩᠭᠦ ᠪᠤᠳᠤᠬᠤ ᠦᠭᠡᠢ᠂ ᠬᠠᠮᠤᠭ ᠤᠨ ᠣᠷᠳᠣ ᠵᠢᠭᠡᠯᠡᠯᠭᠡ ᠶᠢᠨ ᠬᠤᠭᠤᠴᠠᠭ᠎ᠠ ᠶᠢᠨ ᠲᠥᠷᠥ ᠶᠢᠨ ᠪᠣᠳᠣᠯᠭ᠎ᠠ ᠬᠤᠪᠢᠷᠠᠬᠤ ᠦᠭᠡᠢ᠃ ᠲᠤᠰ ᠬᠥᠮᠥᠨ ᠭᠤᠶᠤᠴᠢᠯᠠᠯ ᠳᠡᠪᠰᠢᠭᠦᠯᠦᠭᠰᠡᠨ ᠦᠭᠡᠢ ᠪᠠᠶᠢᠪᠠᠯ᠂ ᠤᠤᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠨ᠎ᠠ ᠭᠡᠵᠦ ᠳᠤᠭᠤᠢ ᠮᠡᠳᠡᠷᠡᠨ᠎ᠡ᠃      ᠭᠤᠷᠪᠠ ᠳᠤ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ᠂ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠨᠢᠭᠡᠨᠲᠡ ᠨᠢᠭᠡ ᠬᠡᠰᠡᠭ ᠪᠤᠶᠤ ᠪᠦᠬᠦ ᠡᠬᠡ ᠮᠥᠩᠭᠦ ᠶᠢ ᠲᠦᠯᠦᠭᠰᠡᠨ ᠪᠠᠶᠢᠪᠠᠯ ᠬᠤᠶᠢᠰᠢᠯᠠᠭᠤᠯᠤᠨ ᠲᠥᠯᠥᠬᠦ ᠪᠠᠷ ᠳᠠᠭᠢᠵᠤ ᠭᠤᠶᠤᠴᠢᠯᠠᠵᠤ ᠪᠣᠯᠬᠤ ᠦᠭᠡᠢ᠃      ᠬᠠᠮᠢᠶ᠎ᠠ ᠪᠦᠬᠦᠢ ᠭᠤᠶᠤᠴᠢᠯᠠᠬᠤ ᠠᠷᠭ᠎ᠠ ᠵᠠᠮ ᠢ ᠡᠯ᠎ᠡ ᠳᠠᠭᠠᠭᠠᠨ ᠭᠦᠢᠴᠡᠳᠬᠡᠬᠦ ᠪᠠᠩᠬᠢ ᠠᠴᠠ ᠬᠠᠷᠢᠭᠤᠴᠠᠨ ᠨᠡᠪᠲᠡᠷᠡᠭᠦᠯᠦᠨ᠎ᠡ᠂ ᠵᠢᠭᠡᠯᠡᠯᠭᠡ ᠵᠢᠭᠡᠯᠡᠭᠰᠡᠨ ᠰᠤᠷᠤᠭᠴᠢᠳ ᠴᠠᠭ ᠲᠤᠬᠠᠢ ᠳᠤ ᠨᠢ ᠠᠩᠬᠠᠷᠤᠯ ᠳᠤ ᠪᠠᠨ ᠠᠪᠤᠭᠠᠷᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号