ᠭᠤᠷᠪᠠᠨᠬᠤᠸᠠ ᠪᠠᠯᠭᠠᠰᠤ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠶᠢᠴᠠᠭᠠᠯᠲᠠ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ︽ᠨᠢᠭᠡᠳᠦᠭᠡᠷ ᠪᠣᠭᠤᠮᠲᠠ︾ ᠶᠢ ᠴᠢᠩᠭ᠎ᠠ  ᠠᠳᠬᠤᠨ᠎ᠠ
ᠨᠡᠶᠢᠲᠡᠯᠡᠭᠰᠡᠨ ᠴᠠᠭ᠄
2024/4/1
       ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠪᠠ ᠪᠣᠷᠣᠯᠠᠭᠤᠯᠬᠤ ᠬᠥᠭᠵᠢᠶᠡᠨᠲᠡᠶ ᠤᠯᠠᠷᠢᠯ ᠳᠤ ᠣᠷᠣᠵᠤ᠂ ᠪᠥᠬᠦ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠭᠤᠷᠪᠠᠨᠬᠤᠸᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠪᠥᠬᠦ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠥᠷᠭᠡᠨ ᠣᠯᠠᠨ ᠲᠠᠷᠢᠶᠠᠴᠢᠨ ᠲᠦᠮᠡᠨ ᠤ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠪᠣᠷᠲᠣᠭᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ  ᠪᠡᠶᠡᠯᠡᠭᠦᠯᠦᠨ᠎ᠡ᠃    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠥᠬᠦ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠴᠡᠭ ᠲᠤ ᠭᠦᠨᠵᠡᠭᠡᠶᠢᠷᠡᠵᠦ᠂ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠪᠣᠷᠣᠯᠠᠭᠤᠯᠭ᠎ᠠ ᠶᠢᠨ ᠡᠬᠡ ᠲᠠᠩᠰᠠ᠂ ᠳᠠᠩᠰᠠᠯᠠᠭᠤᠯᠤᠭᠰᠠᠨ ᠲᠡᠮᠳᠡᠭᠯᠡᠯ ᠤᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ ᠳᠡᠯᠭᠡᠭᠦᠷ ᠤᠨ ᠡᠵᠡᠩᠨᠡᠯᠲᠡ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠰᠦᠯᠢᠶᠣᠣ ᠪᠦᠷᠬᠦᠪᠴᠢ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠪᠣᠭᠤᠳᠠᠯ ᠪᠠᠭᠯᠠᠭ᠎ᠠ ᠪᠦᠷᠢᠨ ᠪᠦᠲᠦᠨ ᠪᠠᠶᠢᠬᠤ ᠡᠰᠡᠬᠦ᠂ ᠬᠠᠭᠤᠷᠮᠠᠭ ᠮᠠᠭᠤ ᠦᠷ᠎ᠡ᠂ ᠪᠤᠷᠳᠤᠭᠤᠷ ᠵᠢᠴᠢ ᠬᠤᠭᠤᠴᠠᠭ᠎ᠠ ᠠᠴᠠ ᠬᠡᠲᠦᠷᠡᠭᠰᠡᠨ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠨᠠᠷᠢᠨ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠡᠵᠡᠩᠨᠡᠯᠲᠡ ᠶᠢᠨ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠵᠦ ᠪᠠᠶᠢᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠤᠨ ᠢᠷᠡᠬᠦ ᠵᠠᠮ ᠲᠣᠳᠣᠷᠬᠠᠶ᠂ ᠶᠠᠪᠤᠬᠤ ᠬᠠᠨᠳᠤᠰᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠤᠨ ᠶᠠᠰᠤ ᠴᠢᠨᠠᠷ ᠢ ᠮᠥᠷᠳᠡᠵᠦ ᠪᠣᠯᠬᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃    ᠳᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠲᠤᠰ ᠤᠳᠠᠭ᠎ᠠ ᠶᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠦᠬᠦ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠡᠷᠦᠬᠡ ᠳᠠᠷᠠᠭᠠᠯᠠᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠴᠣᠬᠢᠯᠲᠠ ᠥᠭᠴᠦ᠂ ᠲᠠᠷᠢᠶᠠᠴᠢᠨ ᠡᠷᠦᠬᠡ ᠶᠢᠨ ᠠᠮᠤᠷ ᠲᠦᠪᠰᠢᠨ᠂ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠬᠦ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号