ᠬᠤᠸᠠᠩ ᠶᠠᠩ ᠸᠠ ᠪᠠᠯᠭᠠᠰᠤ 2024 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/10
    ᠵᠣᠬᠢᠶᠠᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠂ 4 ᠰᠠᠷ᠎ᠠ ᠶᠢᠨ 9 ᠤ ᠡᠳᠦᠷ᠂ ᠬᠤᠸᠠᠩ ᠶᠠᠩ ᠸᠠ ᠪᠠᠯᠭᠠᠰᠤ 2024 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠦᠢᠯᠡᠰ ᠤᠨ  ᠨᠢᠭᠡᠴᠡ ᠶᠢᠨ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠨᠠᠮ ᠤᠨ ᠭᠡᠰᠢᠭᠦᠨ᠂ ᠡᠯ᠎ᠡ ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠂ ᠨᠠᠮ ᠤᠨ ᠶᠠᠪᠤᠳᠠᠯ ᠤᠨ ᠠᠵᠢᠯᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ᠳᠡᠳ᠋ ᠱᠦᠵᠢ᠂ ᠰᠢᠶᠠᠩ ᠡᠯᠰᠡᠵᠦ ᠲᠣᠰᠬᠤᠨ ᠬᠡᠷᠡᠭᠯᠡᠬᠦ ᠬᠥᠮᠦᠰ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢ ᠶᠢᠨ ᠫᠢᠩ  ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠪᠠ︔ 2023 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠬᠦ ᠶᠢᠨ ᠬᠠᠮᠲᠤ 2024 ᠣᠨ ᠤ ᠵᠣᠬᠢᠶᠠᠨ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ 2023 ᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠢᠯᠢᠳᠡᠭ ᠨᠠᠮ ᠤᠨ ᠠᠵᠢᠯ ᠤᠨ ᠠᠵᠢᠯᠳᠠᠨ ᠢ ᠬᠥᠬᠢᠭᠦᠯᠦᠨ ᠰᠠᠶᠢᠰᠢᠶᠠᠪᠠ︔    ᠬᠤᠷᠠᠯ ᠤᠨ ᠡᠴᠤᠰ ᠲᠤ ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠬᠠᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃    ᠬᠤᠷᠠᠯ ᠠᠴᠠ᠂ ᠪᠥᠬᠦ ᠣᠷᠣᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ︽ᠰᠢᠨ᠎ᠡ ᠶᠢ ᠡᠭᠦᠳᠴᠦ ᠲᠡᠷᠢᠭᠦᠨ ᠤ ᠬᠢ ᠶᠢ ᠡᠭᠦᠳᠬᠦ ᠶᠠᠰᠤ ᠴᠢᠨᠠᠷ ᠦᠷ᠎ᠡ ᠪᠦᠲᠦᠮᠵᠢ ᠶᠢᠨ ᠣᠨ︾ ᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠣᠬᠢᠶᠠᠨ ᠪᠠᠶᠢᠭᠤᠯᠤᠯᠲᠠ ᠶᠢᠨ ᠠᠵᠢᠯ ᠢ ᠪᠣᠳᠠᠲᠠᠶᠢᠵᠢᠭᠤᠯᠬᠤ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠨᠣᠯ ᠢᠶᠠᠷ ᠵᠡᠪᠰᠡᠭᠯᠡᠵᠦ ᠦᠵᠡᠯ ᠰᠠᠨᠠᠭ᠎ᠠ ᠪᠠᠨ ᠴᠢᠩᠭᠠᠳᠬᠠᠬᠤ᠂ ᠺᠠᠳ᠋ᠷ ᠤᠨ ᠡᠩᠨᠡᠭᠡ ᠴᠢᠳᠠᠪᠤᠷᠢ ᠪᠠᠨ ᠴᠢᠩᠭᠠᠳᠬᠠᠨ᠂ ᠴᠢᠳᠠᠪᠤᠷᠢᠲᠠᠨ ᠤ ᠰᠢᠰᠲ᠋ᠧᠮ ᠢᠶᠠᠷ ᠲᠤᠯᠭᠠᠭᠤᠷᠢᠯᠠᠯ ᠢ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠵᠤ ᠵᠢᠱᠢᠶ᠎ᠡ ᠦᠵᠡᠭᠦᠯᠬᠦ᠂ ᠨᠠᠮ ᠤᠨ ᠭᠡᠰᠢᠭᠦᠨ ᠤ ᠡᠩᠨᠡᠭᠡ ᠶᠢ ᠴᠢᠩᠭᠠᠳᠬᠠᠬᠤ ᠶᠢ ᠠᠬᠢᠭᠤᠯᠵᠤ᠂ ᠡᠩ ᠤᠨ ᠠᠵᠢᠯ ᠳᠤ ᠵᠢᠷᠤᠮᠵᠢᠯ ᠢ ᠠᠳᠬᠤᠬᠤ᠂ ᠭᠤᠤᠯᠳᠠᠯᠭ᠎ᠠ ᠲᠠᠢ ᠠᠵᠢᠯ ᠳᠤ ᠰᠢᠪᠲᠤᠯᠤᠯᠲᠠ ᠭᠠᠷᠭᠠᠬᠤ᠂ ᠬᠢᠯᠠᠰ ᠴᠡᠭ ᠤᠨ ᠠᠵᠢᠯ ᠳᠤ ᠨᠠᠷᠠᠲᠤ ᠲᠡᠮᠳᠡᠭ ᠡᠭᠦᠳᠬᠦ᠂ ᠪᠦᠬᠦᠯᠢ ᠴᠣᠭᠴᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ︽ᠬᠤᠶᠠᠷ ᠶᠡᠭᠡ ᠶᠠᠪᠤᠳᠠᠯ︾ ᠳᠤ ᠦᠢᠯᠡᠴᠢᠯᠡᠵᠦ ᠨᠠᠶᠢᠳᠠᠪᠤᠷᠢᠵᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号