ᠹᠧᠩᠱᠸᠦ ᠰᠢᠶᠠᠩ᠄ ︽ᠡᠳ᠋ ᠬᠥᠷᠥᠩᠭᠡ ᠶᠢ ᠪᠦᠷᠢᠳᠬᠡᠨ ᠪᠡᠯᠡ ᠮᠥᠩᠭᠦ ᠶᠢ ᠬᠠᠷᠭᠤᠭᠤᠯᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/10
    ᠬᠥᠳᠡᠭᠡ ᠲᠣᠰᠬᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠢᠴᠢ ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠪᠠᠷᠢᠮᠲᠠᠯᠠᠬᠤ ᠶᠢᠨ ᠲᠥᠯᠥᠭᠡ᠂ ᠹᠧᠩᠱᠸᠦ ᠰᠢᠶᠠᠩ ᠤᠨ ᠲᠠᠷᠢᠶᠠᠯᠠᠩ ᠤᠨ ᠠᠵᠤ ᠠᠬᠤᠶ ᠶᠢᠨ ᠥᠷᠲᠡᠭᠡ ᠣᠶᠢᠷ᠎ᠠ ᠶᠢᠨ ᠬᠤᠭᠤᠴᠠᠭᠠᠨ ᠳᠤ ᠡᠯ᠎ᠡ ᠲᠣᠰᠬᠤᠨ ᠳᠤ ᠬᠦᠷᠴᠦ ᠬᠠᠮᠲᠤ ᠶᠢᠨ ᠠᠵᠤ ᠠᠬᠤᠶ ᠶᠢᠨ ᠡᠳ᠋ ᠬᠥᠷᠥᠩᠭᠡ ᠪᠠ ᠳᠠᠩᠰᠠᠯᠠᠬᠤ ᠠᠵᠢᠯ ᠢ ᠵᠢᠯᠣᠭᠤᠳᠤᠨ ᠪᠠᠶᠢᠴᠠᠭᠠᠵᠤ ᠬᠠᠷᠭᠤᠭᠤᠯᠪᠠ᠃    ᠢᠯᠭᠠᠷᠠᠭᠤᠯᠤᠨ ᠪᠠᠶᠢᠴᠠᠭᠠᠬᠤ᠂ ᠳᠡᠩᠰᠡᠯᠡᠨ ᠲᠡᠮᠳᠡᠭᠯᠡᠬᠦ᠂ ᠬᠢᠨᠠᠨ ᠬᠠᠷᠭᠤᠭᠤᠯᠬᠤ᠂ ᠨᠤᠲᠠᠯᠠᠬᠤ ᠂  ᠪᠢᠴᠢᠵᠦ ᠣᠷᠣᠭᠤᠯᠬᠤ᠂ ᠬᠤᠷᠢᠶᠠᠩᠭᠤᠶᠢᠯᠠᠬᠤ ᠵᠡᠷᠭᠡ ᠠᠵᠢᠯᠯᠠᠭᠠᠨ ᠤ ᠶᠠᠪᠤᠴᠠ ᠶᠢᠨ ᠶᠣᠰᠣᠭᠠᠷ᠂ ᠲᠣᠰ ᠤᠳᠠᠭᠠᠨ ᠤ ᠡᠳ᠋ ᠬᠥᠷᠥᠩᠭᠡ ᠶᠢ ᠢᠯᠭᠠᠷᠠᠭᠤᠯᠤᠨ ᠪᠠᠯᠠ ᠮᠥᠩᠭᠦ ᠶᠢ ᠬᠠᠷᠭᠤᠭᠤᠯᠬᠤ ᠠᠵᠢᠯ ᠤᠨ ᠭᠤᠤᠯᠳᠠᠯᠭ᠎ᠠ ᠨᠢ ᠲᠣᠰᠬᠤᠨ ᠤ ᠬᠠᠮᠲᠤ ᠶᠢᠨ ᠲᠠᠷᠢᠶᠠᠨ ᠭᠠᠵᠠᠷ᠂ ᠠᠭᠤᠯᠠᠨ ᠣᠶ᠂ ᠭᠤᠤᠯ ᠤᠨ ᠰᠠᠶᠢᠷᠭᠠᠯ ᠳᠣᠲᠣᠷ᠎ᠠ ᠳᠤᠷ᠎ᠠ ᠪᠠᠷ ᠢᠶᠠᠨ ᠨᠡᠭᠡᠭᠡᠭᠰᠡᠨ ᠭᠠᠵᠠᠷ ᠰᠢᠷᠣᠶ ᠪᠣᠯᠤᠨ᠎ᠠ︔ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠵᠤ᠂ ᠲᠠᠷᠢᠶᠠᠴᠢᠨ ᠡᠷᠦᠬᠡ ᠶᠢᠨ ᠭᠠᠷ ᠲᠠᠬᠢ ᠲᠠᠷᠠᠬᠠᠶ ᠪᠤᠲᠠᠷᠬᠠᠶ ᠪᠥᠭᠡᠳ ᠡᠷᠦᠬᠡ ᠳᠤ ᠳᠠᠭᠠᠭᠠᠴᠢᠯᠠᠭᠤᠯᠤᠭᠠᠳᠤᠶ ᠭᠠᠵᠠᠷ ᠰᠢᠷᠣᠶ︔ ᠨᠢᠭᠡᠨᠲᠡ ᠨᠠᠰᠤ ᠪᠠᠷᠠᠭᠰᠠᠨ ︽ᠲᠠᠪᠤᠨ ᠪᠠᠲᠤᠯᠠᠭᠠᠲᠤ ᠡᠷᠦᠬᠡ︾ ᠶᠢᠨ ᠬᠠᠷᠢᠭᠤᠴᠠᠯᠭ᠎ᠠ ᠶᠢᠨ ᠲᠠᠷᠢᠶ᠎ᠠ ᠪᠠ ᠣᠷᠣᠨ ᠰᠠᠭᠤᠴᠠ ᠶᠢᠨ ᠰᠠᠭᠤᠷᠢᠨ ᠳᠤ᠂ ᠲᠡᠦᠬᠡ ᠠᠴᠠ ᠪᠣᠶ ᠪᠣᠯᠤᠭᠰᠠᠨ ᠠᠵᠤ ᠠᠬᠤᠶᠢᠯᠠᠯ ᠪᠤᠶᠤ ᠬᠤᠪᠢ ᠬᠥᠮᠦᠨ ᠤ ᠬᠠᠮᠲᠤ ᠶᠢᠨ ᠡᠳ᠋ ᠬᠥᠷᠥᠩᠭᠡ ᠶᠢ ᠣᠷᠳᠣ ᠬᠤᠭᠤᠴᠠᠭ᠎ᠠ ᠪᠠᠷ ᠡᠵᠡᠯᠡᠬᠦ ᠪᠤᠶᠤ ᠡᠵᠡᠩᠨᠡᠯᠲᠡ ᠨᠢ ᠠᠨᠠᠶ ᠪᠠᠶᠢᠬᠤ ᠠᠴᠠ ᠪᠣᠯᠤᠭᠰᠠᠨ ᠡᠳ᠋ ᠬᠥᠷᠥᠩᠭᠡ ᠶᠢ ᠰᠤᠯᠠ ᠲᠠᠯᠪᠢᠵᠤ᠂ ᠬᠠᠮᠲᠤ ᠶᠢᠨ ᠡᠳ᠋ ᠬᠥᠷᠥᠩᠭᠡ ᠪᠤᠶᠤ ᠲᠦᠷᠢᠶᠡᠰᠦᠨ ᠮᠥᠩᠭᠦ ᠲᠤᠰᠢᠶᠠᠬᠤ ᠥᠬᠡᠶ᠂ ᠬᠠᠮᠲᠤ ᠶᠢᠨ ᠡᠳ᠋ ᠬᠥᠷᠥᠩᠭᠡ ᠶᠢ ᠢᠯᠡᠷᠬᠡᠶ ᠳᠣᠤᠷ᠎ᠠ ᠦᠨ᠎ᠡ ᠪᠠᠷ ᠲᠦᠷᠢᠶᠡᠰᠦᠯᠡᠵᠦ ᠬᠤᠳᠠᠯᠳᠤᠭᠰᠠᠨ᠂ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ ᠶᠢᠨ ᠬᠤᠭᠤᠴᠠᠭ᠎ᠠ ᠬᠢᠵᠠᠭᠠᠷ ᠥᠬᠡᠶ ᠪᠤᠶᠤ ᠣᠷᠳᠣ ᠬᠤᠭᠤᠴᠠᠭᠠᠨ ᠤ ᠵᠡᠷᠭᠡ ᠪᠠᠶᠢᠳᠠᠯ ᠢ ᠬᠢᠨᠠᠨ ᠪᠠᠶᠢᠴᠠᠭᠠᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠬᠠᠮᠲᠤ ᠶᠢᠨ ᠡᠳ᠋ ᠬᠥᠷᠥᠩᠭᠡ ᠶᠢ ᠨᠡᠬᠡᠮᠵᠢᠯᠡᠨ ᠠᠪᠴᠢᠷᠠᠵᠤ ᠂ ᠴᠢᠬᠤᠯᠠᠲᠠᠶ ᠦᠶ᠎ᠡ ᠳᠤ ᠡᠬᠢ ᠡᠭᠦᠰᠦᠯ ᠢ ᠨᠢ ᠡᠭᠡᠭᠦᠯᠦᠨ ᠪᠠᠶᠢᠴᠠᠭᠠᠬᠤ ᠠᠵᠢᠯ ᠢ ᠥᠷᠨᠢᠭᠦᠯᠦᠨ᠎ᠡ᠃    ᠲᠣᠰ ᠤᠳᠠᠭᠠᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠨᠢ ᠵᠠᠰᠠᠭ ᠵᠠᠬᠢᠷᠭᠠᠨ ᠤ ᠲᠣᠰᠬᠤᠨ ᠢᠶᠠᠷ  ᠨᠢᠭᠡᠴᠢ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠥᠮᠴᠢᠯᠡᠯ ᠤᠨ ᠡᠷᠬᠡ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠭᠡᠷ᠎ᠡ ᠶᠢ ᠪᠠᠶᠢᠴᠠᠭᠠᠨ ᠦᠵᠡᠬᠦ᠂ ᠣᠯᠠᠨ ᠲᠦᠮᠡᠨ ᠢ ᠭᠥᠯᠢᠶᠡᠨ ᠠᠪᠬᠤ᠂ ᠲᠤᠬᠠᠶ ᠶᠢᠨ ᠭᠠᠵᠠᠷ ᠲᠤᠨᠢ ᠬᠡᠮᠵᠢᠬᠦ ᠵᠡᠷᠭᠡ ᠠᠷᠭ᠎ᠠ ᠮᠠᠶ᠋ᠢᠭ ᠢ ᠠᠪᠴᠤ᠂ ᠲᠣᠰᠬᠤᠨ᠂ ᠳᠤᠭᠤᠶᠢᠯᠠᠩ᠂ ᠭᠠᠵᠠᠷ ᠲᠤ ᠬᠦᠷᠴᠦ᠂ ᠪᠦᠬᠦᠨ ᠢ ᠬᠠᠮᠤᠷᠬᠤ᠂ ᠣᠷᠬᠢᠭᠳᠠᠭᠤᠯᠬᠤ ᠥᠬᠡᠶ᠂ ᠪᠠᠯᠠᠶ ᠣᠷᠣᠨ ᠥᠬᠡᠶ ᠪᠠᠶᠢᠬᠤ ᠶᠢ ᠪᠠᠷᠢᠮᠲᠠᠯᠠᠪᠠ᠃ ᠣᠳᠣᠬᠢ ᠱᠠᠲᠤᠨ ᠳᠤ ᠶᠠᠭ ᠰᠠᠶᠢᠬᠠᠨ ᠭᠡᠲᠡ ᠶᠢᠨ ᠠᠶᠢᠯ᠂ ᠨᠠᠨ ᠮᠠ ᠵᠢᠶᠠᠽᠢ᠂ ᠮᠡᠨᠲᠤ ᠶᠢᠨ ᠠᠶᠢᠯ ᠵᠡᠷᠭᠡ ᠭᠤᠷᠪᠠᠨ ᠲᠣᠰᠬᠤᠨ ᠳᠤ ᠪᠦᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠵᠦ᠂ ᠵᠢᠱᠢᠯᠲᠡ ᠪᠠᠷ 4 ᠰᠠᠷ᠎ᠠ ᠶᠢᠨ ᠰᠡᠭᠦᠯᠴᠢ ᠪᠠᠷ ᠪᠦᠬᠦ ᠵᠠᠰᠠᠭ ᠵᠠᠬᠢᠷᠭᠠᠨ ᠤ ᠲᠣᠰᠬᠤᠨ ᠤ ᠪᠠᠶᠢᠳᠠᠯ ᠢ ᠣᠶᠢᠯᠠᠭᠠᠵᠤ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠳᠠᠭᠤᠰᠬᠠᠨ᠎ᠠ     ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠥᠷᠨᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠲᠤᠯᠭᠠᠭᠤᠷᠢᠯᠠᠬᠤ ᠴᠡᠭ︾ ᠮᠥᠨ᠂ ᠬᠠᠮᠲᠤ ᠶᠢᠨ ᠡᠯ᠎ᠡ ᠲᠥᠷᠥᠯ ᠤᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠵᠤ᠂ ᠬᠠᠮᠲᠤ ᠶᠢᠨ ᠡᠳ᠋ ᠬᠥᠷᠥᠩᠭᠡ ᠶᠢ ᠲᠣᠳᠣᠷᠬᠠᠶ ᠣᠶᠢᠯᠠᠭᠠᠵᠤ᠂ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠵᠤ ᠂ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠂ ᠠᠯᠳᠠᠭᠳᠠᠭᠰᠠᠨ ᠡᠳ᠋ ᠬᠥᠷᠥᠩᠭᠡ ᠶᠢ ᠬᠤᠷᠢᠶᠠᠨ ᠠᠪᠬᠤ ᠳᠤ ᠠᠰᠢᠭᠲᠠᠶ ᠶᠤᠮ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠠᠮᠢᠳᠤᠯᠢᠭᠵᠢᠭᠤᠯᠵᠤ᠂ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号