ᠠᠤᠬᠠᠨ ᠬᠤᠰᠢᠭᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/4/10
        ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠪᠠᠷᠠᠭᠠᠨ ᠤ  ᠵᠠᠮ ᠤᠨ ᠭᠠᠳᠠᠷᠭᠤ ᠶᠢ ᠪᠣᠬᠢᠷᠲᠤᠭᠤᠯᠬᠤ ᠵᠡᠷᠭᠡ ᠦᠵᠡᠭᠳᠡᠯ ᠢ ᠤᠯᠠᠮ ᠨᠢᠭᠡ ᠠᠯᠬᠤᠮ ᠬᠤᠷᠢᠭᠯᠠᠵᠤ᠂ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ 4 ᠰᠠᠷ᠎ᠠ ᠶᠢᠨ 8 ᠤ ᠡᠳᠦᠷ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠥᠬᠦ ᠬᠤᠰᠢᠭᠤᠨ ᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠬᠠᠮᠲᠤᠷᠠᠭᠰᠠᠨ ᠬᠤᠷᠠᠯ ᠬᠤᠷᠠᠯᠳᠤᠵᠤ ᠂ 4 ᠰᠠᠷ᠎ᠠ ᠶᠢᠨ 8 ᠤ ᠡᠳᠦᠷ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃
C:\Users\Administrator\Desktop\1.jpg
    ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠡᠯ᠎ᠡ ᠵᠦᠢᠯ ᠤᠨ ᠤᠬᠠᠭᠤᠯᠭ᠎ᠠ ᠶᠢᠨ ᠬᠡᠯᠪᠡᠷᠢ ᠮᠠᠶ᠋ᠢᠭ ᠠᠷᠭ᠎ᠠ ᠵᠠᠮ ᠢ ᠭᠦᠢᠴᠡᠳ ᠠᠰᠢᠭᠯᠠᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢᠨ ᠬᠤᠤᠷ ᠬᠥᠨᠥᠭᠡᠯ᠂ ᠵᠠᠰᠠᠬᠤ ᠵᠣᠷᠢᠯᠭ᠎ᠠ᠂ ᠠᠴᠢ ᠬᠤᠯᠪᠣᠭᠳᠠᠯ᠂ ᠵᠠᠰᠠᠬᠤ ᠠᠷᠭ᠎ᠠ ᠬᠡᠮᠵᠢᠶ᠎ᠡ ᠵᠡᠷᠭᠡ ᠪᠠᠷ ᠭᠤᠤᠯᠯᠠᠭᠤᠯᠤᠨ ᠤᠬᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠵᠦ᠂ ᠨᠠᠭᠠᠵᠤ᠂ ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ᠂ ᠤᠬᠠᠭᠤᠯᠭ᠎ᠠ ᠶᠢᠨ ᠲᠡᠷᠭᠡ ᠬᠥᠳᠡᠯᠭᠡᠬᠦ᠂ ᠲᠡᠮᠳᠡᠭ ᠫᠠᠶᠢᠰᠠ᠂ ᠵᠠᠰᠠᠭ ᠤᠨ ᠶᠠᠪᠤᠳᠠᠯ ᠤᠨ ᠤᠬᠠᠭᠤᠯᠭ᠎ᠠ ᠶᠢᠨ ᠪᠤᠯᠤᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠵᠦ᠂ ᠰᠣᠨᠢᠨ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠦᠯᠵᠢᠶᠡᠨ ᠥᠷᠲᠡᠭᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠮᠡᠳᠡᠭᠡᠯᠡᠯ ᠢ ᠢᠳᠡᠪᠬᠢᠲᠡᠶ ᠥᠷᠨᠢᠭᠦᠯᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠠᠷᠠᠭ᠎ᠠ ᠠᠴᠢᠶᠠᠯᠠᠬᠤ᠂ ᠲᠣᠬᠢᠷᠠᠭᠤᠯᠤᠨ ᠠᠴᠢᠶᠠᠯᠠᠬᠤ ᠶᠢᠨ ᠡᠬᠢ ᠡᠭᠦᠰᠦᠯ ᠤᠨ ᠨᠢᠭᠡᠴᠡ ᠶᠢ ᠬᠢᠨᠠᠨ ᠬᠠᠮᠢᠶᠠᠷᠬᠤ ᠪᠠᠨ ᠴᠢᠩᠭᠠᠷᠠᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠨᠢᠭᠡᠴᠡ ᠶᠢ  ᠱᠠᠯᠠᠪᠳᠠᠭᠤᠯᠵᠤ ᠪᠠᠶᠢᠭᠠᠳ ᠪᠠᠷᠠᠭ᠎ᠠ ᠠᠴᠢᠶᠠᠯᠠᠬᠤ᠂ ᠲᠣᠬᠢᠷᠠᠭᠤᠯᠤᠨ ᠠᠴᠢᠶᠠᠯᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠮ ᠬᠠᠷᠢᠯᠴᠠᠭ᠎ᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠣᠶ ᠪᠣᠯᠭᠠᠨ᠂ ᠡᠬᠢ ᠡᠭᠦᠰᠦᠯ ᠤᠨ ᠠᠵᠤ ᠠᠬᠤᠶᠢᠯᠠᠯ ᠢ ︽ᠭᠠᠳᠠᠭᠰᠢ ᠭᠠᠷᠴᠤ︾ ᠠᠴᠢᠶᠠᠯᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠭᠡᠭᠡᠪᠦᠷᠢ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃
C:\Users\Administrator\Desktop\2.jpg
    ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠶ ᠪᠠᠷ ᠵᠠᠰᠠᠬᠤ ᠶᠢ ᠴᠢᠩᠭᠠᠳᠬᠠᠨ᠎ᠠ᠃ ᠠᠮᠤᠷ ᠲᠦᠪᠰᠢᠨ ᠢᠶᠠᠷ ᠬᠠᠤᠯᠢ ᠬᠡᠷᠡᠭᠵᠢᠭᠦᠯᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ ᠠᠵᠢᠯᠲᠠᠨ 24 ᠴᠠᠭ ᠢᠶᠠᠷ ᠵᠢᠵᠢᠭᠦᠷᠯᠡᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯᠯᠠᠭ᠎ᠠ ᠶᠢ ᠲᠣᠭᠲᠠᠮᠠᠯ ᠪᠤᠰᠤ ᠴᠠᠭ ᠲᠤ  ᠦᠷᠨᠢᠭᠦᠯᠦᠨ᠎ᠡ᠃ ︽ᠣᠯᠠᠨ ᠲᠦᠮᠡᠨ ᠢᠯᠡᠴᠢᠯᠡᠨ  ᠮᠡᠳᠡᠭᠦᠯᠬᠦ + ᠵᠠᠮ ᠳᠠᠭᠠᠤ ᠲᠣᠭᠤᠷᠢᠨ ᠪᠠᠶᠢᠴᠠᠭᠠᠬᠤ︾ ︽ᠦᠳᠡᠰᠢ + ᠥᠷᠯᠥᠭᠡ︾ ᠴᠠᠭ ᠵᠥᠷᠢᠭᠦᠯᠦᠨ ᠬᠠᠤᠯᠢ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠬᠠᠤᠯᠢ ᠠᠴᠠ ᠵᠥᠷᠢᠴᠡᠭᠰᠡᠨ ᠵᠠᠮ ᠲᠡᠭᠡᠭᠡᠪᠦᠷᠢ ᠶᠢᠨ ᠦᠢᠯᠡ ᠠᠵᠢᠯᠯᠠᠭ᠎ᠠ ᠶᠢ ᠶᠡᠬᠡᠪᠡᠷ ᠪᠠᠶᠢᠴᠠᠭᠠᠨ ᠰᠢᠢᠳᠪᠦᠷᠢᠯᠡᠵᠦ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ᠂ ᠲᠣᠭᠲᠠᠭᠠᠯ ᠠᠴᠠ ᠵᠥᠷᠢᠴᠡᠨ ᠲᠣᠮᠣ ᠵᠦᠢᠯ ᠢ ᠲᠡᠭᠡᠭᠡᠪᠦᠷᠢᠯᠡᠵᠦ ᠪᠠᠶᠢᠭ᠎ᠠ ᠵᠡᠷᠭᠡ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠬᠦ ᠶᠢᠨ ᠬᠠᠮᠲᠤ ᠲᠦᠢᠯ ᠤᠨ ᠣᠨᠣᠪᠴᠢᠲᠠᠶ ᠪᠠᠷ ᠴᠣᠬᠢᠯᠲᠠ ᠥᠭᠬᠦ ᠬᠡᠷᠡᠭᠲᠡᠶ᠃    ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ︽ᠨᠢᠭᠡ ᠶᠢ ᠬᠡᠲᠦᠷᠡᠪᠡᠯ ᠳᠥᠷᠪᠡ ᠶᠢ ᠲᠣᠷᠭᠠᠬᠤ︾ ᠬᠢᠭᠡᠳ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠳᠠᠯᠠᠨ᠎ᠠ᠃ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠬᠡᠷᠡᠭᠵᠢᠭᠦᠯᠬᠦ ᠣᠨᠣᠯᠵᠢᠬᠤᠨ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠣᠨᠣᠯᠵᠢᠬᠤᠨ ᠢ ᠴᠢᠩᠭᠠᠷᠠᠭᠤᠯᠵᠤ᠂ ᠶᠣᠰᠣ ᠬᠡᠯᠡᠬᠦ ᠮᠠᠶ᠋ᠢᠭ ᠢᠶᠠᠷ ᠬᠠᠤᠯᠢ ᠬᠡᠷᠡᠭᠵᠢᠭᠦᠯᠬᠦ ᠶᠢ ᠳᠡᠯᠭᠡᠷᠡᠭᠦᠯᠦᠨ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ ᠪᠠᠷᠠᠭ᠎ᠠ ᠶᠢ ᠪᠣᠳᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠳᠤ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠬᠠᠤᠯᠢ ᠶᠣᠰᠣᠭᠠᠷ ᠡᠳ᠋ᠯᠡᠬᠦ ᠡᠷᠬᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃
C:\Users\Administrator\Desktop\3.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号