| ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ᠂ ᠪᠠᠷᠠᠭᠠᠨ ᠤ ᠵᠠᠮ ᠤᠨ ᠭᠠᠳᠠᠷᠭᠤ ᠶᠢ ᠪᠣᠬᠢᠷᠲᠤᠭᠤᠯᠬᠤ ᠵᠡᠷᠭᠡ ᠦᠵᠡᠭᠳᠡᠯ ᠢ ᠤᠯᠠᠮ ᠨᠢᠭᠡ ᠠᠯᠬᠤᠮ | ᠬᠤᠷᠢᠭᠯᠠᠵᠤ᠂ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠂ | ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ᠃ 4 ᠰᠠᠷ᠎ᠠ ᠶᠢᠨ 8 ᠤ ᠡᠳᠦᠷ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠪᠣᠯᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠪᠥᠬᠦ ᠬᠤᠰᠢᠭᠤᠨ ᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ ᠬᠠᠮᠲᠤᠷᠠᠭᠰᠠᠨ ᠬᠤᠷᠠᠯ ᠬᠤᠷᠠᠯᠳᠤᠵᠤ ᠂ | 4 ᠰᠠᠷ᠎ᠠ ᠶᠢᠨ 8 ᠤ ᠡᠳᠦᠷ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ ᠪᠠᠷᠠᠭᠠᠨ ᠤ ᠲᠡᠭᠡᠭᠡᠪᠦᠷᠢ ᠶᠢᠨ | ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠤᠬᠠᠭᠤᠯᠭ᠎ᠠ ᠶᠢᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠎ᠡ᠃ ᠡᠯ᠎ᠡ ᠵᠦᠢᠯ ᠤᠨ ᠤᠬᠠᠭᠤᠯᠭ᠎ᠠ ᠶᠢᠨ ᠬᠡᠯᠪᠡᠷᠢ ᠮᠠᠶ᠋ᠢᠭ ᠠᠷᠭ᠎ᠠ ᠵᠠᠮ ᠢ ᠭᠦᠢᠴᠡᠳ | ᠠᠰᠢᠭᠯᠠᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢᠨ ᠬᠤᠤᠷ ᠬᠥᠨᠥᠭᠡᠯ᠂ ᠵᠠᠰᠠᠬᠤ ᠵᠣᠷᠢᠯᠭ᠎ᠠ᠂ | ᠠᠴᠢ ᠬᠤᠯᠪᠣᠭᠳᠠᠯ᠂ ᠵᠠᠰᠠᠬᠤ ᠠᠷᠭ᠎ᠠ ᠬᠡᠮᠵᠢᠶ᠎ᠡ ᠵᠡᠷᠭᠡ ᠪᠠᠷ ᠭᠤᠤᠯᠯᠠᠭᠤᠯᠤᠨ ᠤᠬᠠᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠬᠡᠷᠡᠭᠲᠡᠶ᠃ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠵᠦ᠂ ᠨᠠᠭᠠᠵᠤ᠂ | ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ᠂ ᠤᠬᠠᠭᠤᠯᠭ᠎ᠠ ᠶᠢᠨ ᠲᠡᠷᠭᠡ ᠬᠥᠳᠡᠯᠭᠡᠬᠦ᠂ ᠲᠡᠮᠳᠡᠭ | ᠫᠠᠶᠢᠰᠠ᠂ ᠵᠠᠰᠠᠭ ᠤᠨ ᠶᠠᠪᠤᠳᠠᠯ ᠤᠨ ᠤᠬᠠᠭᠤᠯᠭ᠎ᠠ ᠶᠢᠨ ᠪᠤᠯᠤᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ | ᠬᠢᠵᠦ᠂ ᠰᠣᠨᠢᠨ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠰᠦᠯᠵᠢᠶᠡᠨ ᠥᠷᠲᠡᠭᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠮᠡᠳᠡᠭᠡᠯᠡᠯ ᠢ ᠢᠳᠡᠪᠬᠢᠲᠡᠶ ᠥᠷᠨᠢᠭᠦᠯᠵᠦ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | | ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ | ᠴᠢᠩᠭᠠᠷᠠᠭᠤᠯᠤᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠠᠷᠠᠭ᠎ᠠ ᠠᠴᠢᠶᠠᠯᠠᠬᠤ᠂ | ᠲᠣᠬᠢᠷᠠᠭᠤᠯᠤᠨ ᠠᠴᠢᠶᠠᠯᠠᠬᠤ ᠶᠢᠨ ᠡᠬᠢ ᠡᠭᠦᠰᠦᠯ ᠤᠨ ᠨᠢᠭᠡᠴᠡ ᠶᠢ ᠬᠢᠨᠠᠨ ᠬᠠᠮᠢᠶᠠᠷᠬᠤ ᠪᠠᠨ ᠴᠢᠩᠭᠠᠷᠠᠭᠤᠯᠵᠤ᠂ | ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠨᠢᠭᠡᠴᠡ ᠶᠢ ᠱᠠᠯᠠᠪᠳᠠᠭᠤᠯᠵᠤ ᠪᠠᠶᠢᠭᠠᠳ ᠪᠠᠷᠠᠭ᠎ᠠ ᠠᠴᠢᠶᠠᠯᠠᠬᠤ᠂ | ᠲᠣᠬᠢᠷᠠᠭᠤᠯᠤᠨ ᠠᠴᠢᠶᠠᠯᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠮ | ᠬᠠᠷᠢᠯᠴᠠᠭ᠎ᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠨᠡᠶᠢᠯᠡᠮᠡᠯ | ᠬᠦᠴᠦᠨ ᠢ ᠪᠣᠶ ᠪᠣᠯᠭᠠᠨ᠂ ᠡᠬᠢ ᠡᠭᠦᠰᠦᠯ ᠤᠨ ᠠᠵᠤ ᠠᠬᠤᠶᠢᠯᠠᠯ ᠢ ︽ᠭᠠᠳᠠᠭᠰᠢ ᠭᠠᠷᠴᠤ︾ ᠠᠴᠢᠶᠠᠯᠠᠵᠤ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠭᠡᠭᠡᠪᠦᠷᠢ ᠶᠢ ᠡᠬᠢ ᠡᠭᠦᠰᠦᠯ ᠠᠴᠠ ᠨᠢ ᠬᠤᠷᠢᠭᠯᠠᠬᠤ | ᠬᠡᠷᠡᠭᠲᠡᠶ᠃ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠶ ᠪᠠᠷ ᠵᠠᠰᠠᠬᠤ ᠶᠢ ᠴᠢᠩᠭᠠᠳᠬᠠᠨ᠎ᠠ᠃ ᠠᠮᠤᠷ | ᠲᠦᠪᠰᠢᠨ ᠢᠶᠠᠷ ᠬᠠᠤᠯᠢ ᠬᠡᠷᠡᠭᠵᠢᠭᠦᠯᠬᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ | ᠠᠵᠢᠯᠲᠠᠨ 24 ᠴᠠᠭ ᠢᠶᠠᠷ ᠵᠢᠵᠢᠭᠦᠷᠯᠡᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ | ᠠᠵᠢᠯᠯᠠᠭ᠎ᠠ ᠶᠢ ᠲᠣᠭᠲᠠᠮᠠᠯ ᠪᠤᠰᠤ ᠴᠠᠭ ᠲᠤ ᠦᠷᠨᠢᠭᠦᠯᠦᠨ᠎ᠡ᠃ ︽ᠣᠯᠠᠨ ᠲᠦᠮᠡᠨ ᠢᠯᠡᠴᠢᠯᠡᠨ ᠮᠡᠳᠡᠭᠦᠯᠬᠦ + | ᠵᠠᠮ ᠳᠠᠭᠠᠤ ᠲᠣᠭᠤᠷᠢᠨ ᠪᠠᠶᠢᠴᠠᠭᠠᠬᠤ︾ ︽ᠦᠳᠡᠰᠢ + ᠥᠷᠯᠥᠭᠡ︾ ᠴᠠᠭ ᠵᠥᠷᠢᠭᠦᠯᠦᠨ ᠬᠠᠤᠯᠢ ᠬᠡᠷᠡᠭᠵᠢᠭᠦᠯᠬᠦ | ᠵᠡᠷᠭᠡ ᠠᠷᠭ᠎ᠠ ᠮᠠᠶ᠋ᠢᠭ ᠢ ᠠᠪᠴᠤ᠂ ᠬᠠᠤᠯᠢ ᠠᠴᠠ ᠵᠥᠷᠢᠴᠡᠭᠰᠡᠨ ᠵᠠᠮ ᠲᠡᠭᠡᠭᠡᠪᠦᠷᠢ ᠶᠢᠨ ᠦᠢᠯᠡ ᠠᠵᠢᠯᠯᠠᠭ᠎ᠠ ᠶᠢ | ᠶᠡᠬᠡᠪᠡᠷ ᠪᠠᠶᠢᠴᠠᠭᠠᠨ ᠰᠢᠢᠳᠪᠦᠷᠢᠯᠡᠵᠦ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ᠂ ᠲᠣᠭᠲᠠᠭᠠᠯ ᠠᠴᠠ ᠵᠥᠷᠢᠴᠡᠨ ᠲᠣᠮᠣ ᠵᠦᠢᠯ ᠢ | ᠲᠡᠭᠡᠭᠡᠪᠦᠷᠢᠯᠡᠵᠦ ᠪᠠᠶᠢᠭ᠎ᠠ ᠵᠡᠷᠭᠡ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠬᠦ ᠶᠢᠨ ᠬᠠᠮᠲᠤ | ᠲᠦᠢᠯ ᠤᠨ ᠣᠨᠣᠪᠴᠢᠲᠠᠶ ᠪᠠᠷ ᠴᠣᠬᠢᠯᠲᠠ ᠥᠭᠬᠦ ᠬᠡᠷᠡᠭᠲᠡᠶ᠃ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ︽ᠨᠢᠭᠡ ᠶᠢ ᠬᠡᠲᠦᠷᠡᠪᠡᠯ ᠳᠥᠷᠪᠡ ᠶᠢ ᠲᠣᠷᠭᠠᠬᠤ︾ ᠬᠢᠭᠡᠳ ᠰᠤᠷᠭᠠᠨ ᠬᠥᠮᠦᠵᠢᠯ ᠢ | ᠤᠶᠠᠯᠳᠤᠭᠤᠯᠬᠤ ᠶᠢ ᠪᠠᠷᠢᠮᠳᠠᠯᠠᠨ᠎ᠠ᠃ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠬᠡᠷᠡᠭᠵᠢᠭᠦᠯᠬᠦ ᠣᠨᠣᠯᠵᠢᠬᠤᠨ ᠢᠶᠠᠨ | ᠤᠯᠠᠮ ᠨᠢᠭᠡ ᠠᠯᠬᠤᠮ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ | ᠦᠢᠯᠡᠴᠢᠯᠡᠭᠡᠨ ᠤ ᠣᠨᠣᠯᠵᠢᠬᠤᠨ ᠢ ᠴᠢᠩᠭᠠᠷᠠᠭᠤᠯᠵᠤ᠂ ᠶᠣᠰᠣ ᠬᠡᠯᠡᠬᠦ ᠮᠠᠶ᠋ᠢᠭ ᠢᠶᠠᠷ ᠬᠠᠤᠯᠢ ᠬᠡᠷᠡᠭᠵᠢᠭᠦᠯᠬᠦ ᠶᠢ | ᠳᠡᠯᠭᠡᠷᠡᠭᠦᠯᠦᠨ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠠᠷᠢᠭᠤᠨ | ᠴᠢᠬᠡᠴᠢ ᠪᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ | ᠲᠡᠷᠭᠡ ᠬᠥᠰᠬᠡ ᠶᠢᠨ ᠪᠠᠷᠠᠭ᠎ᠠ ᠶᠢ ᠪᠣᠳᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠷᠢᠴᠠᠩᠭᠤᠶ | ᠬᠥᠮᠦᠨ ᠳᠤ ᠬᠠᠤᠯᠢ ᠠᠴᠠ ᠵᠥᠷᠢᠴᠡᠭᠰᠡᠨ ᠪᠣᠳᠠᠲᠤ ᠶᠠᠪᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠬᠠᠤᠯᠢ | ᠶᠣᠰᠣᠭᠠᠷ ᠡᠳ᠋ᠯᠡᠬᠦ ᠡᠷᠬᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠨ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ | ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃ | |