ᠰᠠᠯᠪᠤᠷᠢ ᠰᠢᠶᠠᠩ ᠤᠨ ᠬᠥᠳᠡᠭᠡ ᠲᠣᠰᠬᠤᠨ ᠤ ᠪᠣᠯᠪᠠᠰᠤᠨ ᠬᠡᠪ ᠰᠤᠷᠲᠠᠯ ᠨᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/11
       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠦᠭ ᠰᠦᠨᠡᠰᠦ ᠶᠢ ᠱᠤᠭᠤᠬᠤ ᠪᠠᠷ ᠪᠠᠷᠠᠬᠤ ᠦᠭᠡᠢ᠂ ᠨᠡᠩ ᠴᠤ ᠰᠦᠭ ᠰᠦᠨᠡᠰᠦ ᠶᠢ ᠴᠣᠭᠴᠠᠯᠠᠬᠤ ᠬᠡᠷᠡᠭᠲᠡᠢ᠃ ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠭᠠᠷᠳᠠᠴᠠ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠬᠠᠭᠤᠯᠭ᠎ᠠ ᠶᠢ ᠴᠢᠩᠭᠠᠳᠬᠠᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠲᠦᠷᠦᠯ ᠲᠡᠮᠳᠡᠭ ᠢ ᠡᠭᠦᠳᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠠᠮ ᠢ ᠬᠠᠮᠠᠭᠠᠯᠠᠪᠠ᠃   ᠣᠬᠠᠭᠤᠯᠭ᠎ᠠ ᠪᠠᠨ ᠴᠢᠩᠭᠠᠳᠬᠠᠨ᠎ᠠ᠃ ᠲᠤᠰ ᠰᠢᠶᠠᠩ ᠤᠬᠠᠭᠤᠯᠭ᠎ᠠ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠤᠯᠤᠩ ᠪᠣᠯᠤᠨ ᠲᠣᠰᠬᠤᠨ ᠳᠤᠭᠤᠶᠢᠯᠠᠩ ᠤᠨ ᠬᠤᠷᠠᠯ ᠵᠡᠷᠭᠡ ᠤᠯᠠᠨ ᠵᠦᠢᠯ ᠤᠨ ᠬᠡᠯᠪᠡᠷᠢ ᠪᠠᠷ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠤᠯᠠᠨ ᠲᠦᠮᠡᠨ ᠤ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠨᠤᠲᠤᠭ ᠤᠨ ᠮᠡᠷᠭᠡᠳ᠂  ᠭᠠᠳᠠᠷ ᠤᠷᠤᠨ ᠳᠤ ᠪᠠᠶᠢᠭ᠎ᠠ ᠨᠤᠲᠤᠭ ᠤᠨ ᠮᠡᠷᠭᠡᠳ︾ ᠭᠡᠬᠦ ᠵᠣᠷᠢᠭᠵᠢᠭᠤᠯᠤᠯ ᠤᠨ ᠦᠯᠢᠭᠡᠷ᠂ ᠲᠡᠷᠢᠭᠦᠨ ᠤ ᠦᠢᠯᠡ ᠶᠠᠪᠤᠳᠠᠯ᠂  ᠰᠡᠳᠬᠢᠯᠭᠡ ᠶᠢᠨ ᠵᠠᠮ ᠬᠠᠷᠢᠯᠴᠠᠭᠠᠨ ᠤ ᠶᠠᠪᠤᠴᠠ ᠶᠢ ᠡᠮᠬᠢᠳᠬᠡᠨ ᠤᠬᠠᠭᠤᠯᠵᠤ᠂ ᠰᠣᠶᠣᠯ ᠢᠶᠠᠷ ᠶᠣᠰᠣ ᠮᠣᠷᠠᠯ ᠢ ᠲᠡᠵᠢᠭᠡᠵᠦ᠂ ᠰᠣᠶᠣᠯ ᠢᠶᠠᠷ ᠬᠥᠮᠦᠨ ᠢ ᠤᠬᠠᠭᠤᠯᠤᠨ᠎ᠠ᠃    ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠰ ᠰᠢᠶᠠᠩ ᠨᠢ ᠰᠠᠶᠢᠨ ᠪᠡᠷᠢ᠂ ᠰᠠᠶᠢᠨ ᠬᠠᠳᠠᠮ ᠡᠵᠢ᠂ ᠣᠳᠣᠨ ᠲᠡᠰ ᠤᠨ ᠪᠣᠯᠪᠠᠰᠤᠨ ᠡᠷᠦᠬᠡ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠰᠢᠯᠭᠠᠷᠠᠭᠤᠯᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠰᠢᠨ᠎ᠡ ᠰᠤᠷᠲᠠᠯ ᠢ ᠦᠷᠭᠦᠯᠵᠢᠯᠡᠨ ᠬᠥᠬᠢᠭᠦᠯᠦᠨ ᠰᠠᠶᠢᠰᠢᠶᠠᠵᠤ᠂ ᠤᠯᠠᠨ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠪᠣᠯᠤᠨ ᠥᠪᠡᠷ ᠢ ᠪᠠᠨ ᠬᠠᠮᠢᠶᠠᠷᠴᠤ ᠬᠢᠵᠠᠭᠠᠷᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ  ᠬᠦᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠡ ᠦᠭᠡᠢ  ᠬᠦᠴᠦᠨ  ᠨᠡᠮᠡᠷᠢᠯᠡᠨ᠎ᠡ᠃    ᠨᠡᠷᠡᠲᠦ ᠲᠡᠮᠳᠡᠭᠲᠦ ᠶᠢ ᠡᠭᠦᠳᠦᠨ᠎ᠡ᠃ ᠨᠢᠭᠡ ᠲᠣᠰᠬᠤᠨ ᠨᠢᠭᠡ ᠪᠦᠲᠦᠭᠡᠭᠳᠡᠬᠦᠨ ᠤ ᠵᠢᠱᠢᠶ᠎ᠡ ᠦᠵᠡᠭᠦᠯᠦᠨ ᠬᠥᠳᠡᠭᠡ ᠲᠣᠰᠬᠤᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ ᠂ ᠬᠥᠳᠡᠭᠡ ᠲᠣᠰᠬᠤᠨ ᠢ ᠦᠨᠳᠦᠰᠦ ᠲᠠᠢ᠂ ᠰᠦᠭ ᠰᠦᠨᠡᠰᠦ ᠲᠠᠢ᠂ ᠬᠦᠰᠡᠯ ᠲᠠᠢ ᠣᠶᠤᠨ ᠰᠠᠨᠠᠭᠠᠨ ᠤ ᠭᠡᠷ ᠣᠷᠣᠨ ᠪᠣᠯᠭᠠᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠬᠠᠮᠲᠤ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠳᠠᠮᠵᠢᠭᠤᠯᠤᠨ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂  ᠡᠶ᠎ᠡ ᠵᠣᠬᠢᠴᠠᠩᠭᠤᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃    ᠳᠠᠷᠠᠭᠠᠴᠢ ᠶᠢᠨ ᠠᠯᠬᠤᠮ ᠳᠤ᠂ ᠰᠠᠯᠪᠤᠷᠢ ᠰᠢᠶᠠᠩ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠤᠯᠠᠨ ᠲᠦᠮᠡᠨ ᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ︽ᠵᠥᠭᠡᠯᠡᠨ ᠪᠣᠳᠠᠲᠤ ᠬᠦᠴᠦᠨ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠠᠲᠠᠭᠤ ᠣᠷᠴᠢᠨ ᠲᠣᠭᠤᠷᠢᠨ︾ ᠢ ᠪᠠᠲᠤ ᠴᠣᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号