ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠤ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/11
     ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 4 ᠰᠠᠷ᠎ᠠ ᠶᠢᠨ 9 ᠤ ᠡᠳᠦᠷ ᠠᠴᠠ ᠡᠬᠢᠯᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠲᠠᠷᠢᠶᠠᠯᠠᠩ ᠤᠨ ᠮᠠᠰᠢᠨ ᠤ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠢᠨ ᠣᠯᠠᠨ ᠬᠡᠯᠪᠡᠷᠢ ᠶᠢᠨ᠂ ᠣᠯᠠᠨ ᠲᠠᠯ᠎ᠠ ᠶᠢᠨ᠂  ᠪᠦᠬᠦᠨ ᠢ ᠬᠠᠮᠤᠷᠬᠤ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠶᠡᠬᠡᠪᠡᠷ ᠪᠠᠶᠢᠴᠠᠭᠠᠪᠠ᠃
C:\Users\Administrator\Desktop\H1.jpg
    ᠬᠠᠤᠯᠢ ᠬᠡᠷᠡᠭᠵᠢᠭᠦᠯᠬᠦ ᠠᠵᠢᠯᠲᠠᠨ ᠬᠥᠳᠡᠭᠡ ᠲᠣᠰᠬᠤᠨ ᠤ ᠲᠠᠯᠠᠪᠤᠷ ᠭᠠᠵᠠᠷ᠂ ᠲᠠᠷᠢᠶᠠᠨ ᠭᠠᠵᠠᠷ ᠵᠡᠷᠭᠡ ᠳᠤ ᠭᠦᠨᠵᠡᠭᠡᠶᠢᠷᠡᠨ ᠶᠠᠭ ᠠᠵᠢᠯᠯᠠᠵᠤ ᠪᠠᠶᠢᠭ᠎ᠠ ᠲᠠᠷᠢᠶᠠᠯᠠᠩ ᠤᠨ ᠮᠠᠰᠢᠨ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠨᠢ ᠬᠠᠤᠯᠢ ᠶᠣᠰᠣᠭᠠᠷ ᠳᠠᠩᠰᠠᠯᠠᠭᠤᠯᠤᠨ ᠫᠠᠶᠢᠰᠠ ᠦᠨᠡᠮᠯᠡᠯ ᠣᠯᠭᠤᠭᠰᠠᠨ ᠡᠰᠡᠬᠦ᠂ ᠲᠡᠷᠭᠡ ᠵᠢᠯᠣᠭᠤᠳᠬᠤ ᠠᠵᠢᠯᠲᠠᠨ ᠲᠡᠷᠭᠡ ᠵᠢᠯᠣᠭᠤᠳᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠡᠰᠡᠬᠦ᠂ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠨᠢ ᠣᠨ ᠤ ᠰᠢᠯᠭᠠᠨ ᠪᠠᠶᠢᠴᠠᠭᠠᠯᠲᠠ ᠬᠢᠭᠰᠡᠨ ᠡᠰᠡᠬᠦ᠂ ᠨᠡᠶᠢᠯᠡᠭᠦᠯᠵᠦ ᠤᠭᠰᠠᠷᠠᠵᠤ ᠥᠭᠡᠷᠡᠴᠢᠯᠡᠨ ᠤᠭᠰᠠᠷᠠᠭᠰᠠᠨ ᠡᠰᠡᠬᠦ ᠵᠡᠷᠭᠡ ᠶᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠮᠠᠰᠢᠨ ᠤ ᠠᠵᠢᠯᠯᠠᠭᠰᠠᠳ ᠲᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠲᠠᠷᠢᠶᠠᠯᠠᠩ ᠤᠨ ᠮᠠᠰᠢᠨ ᠢ ᠵᠢᠯᠣᠭᠤᠳᠤᠨ ᠠᠵᠢᠯᠯᠠᠬᠤ ᠳᠤ ᠠᠩᠬᠠᠷᠬᠤ ᠵᠦᠢᠯ ᠵᠡᠷᠭᠡ ᠶᠢ ᠲᠠᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠠᠷᠢᠶᠠᠯᠠᠩ ᠤᠨ ᠮᠠᠰᠢᠨ ᠤ ᠠᠵᠢᠯᠲᠠᠨ ᠳᠤ ᠠᠶᠤᠯᠭᠦᠶ  ᠦᠢᠯᠡᠳᠪᠦᠷᠢᠯᠡᠯ ᠤᠨ ᠴᠢᠬᠤᠯᠠ ᠴᠢᠨᠠᠷ ᠢ ᠦᠨᠡᠨ ᠬᠦ ᠮᠡᠳᠡᠷᠡᠭᠦᠯᠵᠦ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠳᠡᠯ ᠤᠨ ᠳᠠᠯᠳᠠ ᠬᠡᠮ ᠢ ᠠᠷᠢᠯᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠪᠠᠲᠤᠯᠠᠵᠤ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃
C:\Users\Administrator\Desktop\H2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号