ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠨᠢᠩ ᠴᠦᠨ ᠬᠠᠮᠢᠶ᠎ᠠ ᠪᠥᠬᠦᠶ ᠠᠵᠤ ᠠᠬᠤᠶᠢᠯᠠᠯ ᠳᠤ ᠬᠦᠷᠴᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/11
     ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ 2024 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠢᠨᠵᠧᠨᠧᠷᠢᠩ ᠤᠨ ᠨᠢᠭᠡ ᠪᠣᠯᠤᠨ᠎ᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠴᠢᠦ ᠱᠠ ᠮᠦ ᠶᠧ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠵᠡᠭᠦᠨ ᠬᠤᠶᠢᠲᠤ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ᠂ ᠬᠦᠢ ᠯᠢᠦ ᠮᠠᠯ ᠠᠵᠤ ᠠᠬᠤᠢ ᠶᠢᠨ ᠪᠦᠯᠦᠭᠯᠡᠯ᠂ ᠱᠢ ᠶᠤᠸᠠᠢ ᠳ᠋ᠣᠣ ᠲᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠤᠯᠠᠨ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠲᠤᠬᠠᠢ ᠶᠢᠨ ᠲᠠᠯᠠᠪᠤᠷ ᠤᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠠᠷᠢᠭᠤᠯᠪᠠ᠃    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠬᠠᠶᠢᠨ ᠰᠦᠪᠡᠭᠴᠢᠯᠡᠵᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠦᠲᠦᠮᠵᠢᠲᠡᠶ ᠠᠬᠢᠭᠤᠯᠵᠤ᠂ ᠢᠯᠡ ᠲᠣᠳᠣ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠠᠤᠬᠠᠨ ᠬᠤᠰᠢᠭᠤᠨ ᠤ ᠦᠨᠡᠨᠴᠢ ᠢᠲᠡᠭᠡᠮᠵᠢᠲᠡᠶ ᠪᠠᠶᠢᠬᠤ᠂ ᠦᠨᠡᠨᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠬᠦ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠵᠤ᠂  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠤᠬᠠᠨ ᠬᠤᠰᠢᠭᠤ ᠶᠢ ᠥᠷᠭᠡᠨ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠤᠨ ᠦᠢᠯᠡᠰ ᠬᠥᠭᠵᠢᠭᠦᠯᠬᠦ ᠬᠠᠯᠠᠭᠤᠨ ᠬᠥᠷᠥᠰᠥ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠨᠡᠨᠴᠢ ᠢᠲᠡᠭᠡᠮᠵᠢ ᠶᠢᠨ ᠪᠠᠲᠤᠯᠠᠭ᠎ᠠ  ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号