2024 ᠣᠨ  ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠴᠢᠯᠠᠨ ᠥᠭᠬᠦ ᠶᠢ ᠬᠢᠨᠠᠨ ᠵᠥᠪᠰᠢᠶᠡᠷᠡᠬᠦ ᠠᠵᠢᠯ ᠢ ᠭᠦᠢᠴᠡᠳᠬᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/12
    2024 ᠣᠨ  ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠴᠢᠯᠠᠨ ᠥᠭᠬᠦ ᠶᠢ ᠬᠢᠨᠠᠨ ᠵᠥᠪᠰᠢᠶᠡᠷᠡᠬᠦ ᠠᠵᠢᠯ ᠢ ᠭᠦᠢᠴᠡᠳᠬᠡᠬᠦ ᠲᠤᠬᠠᠢ ᠠᠯᠪᠠᠨ ᠵᠠᠷ    ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ 2024 ᠣᠨ ᠳᠤ ᠲᠣᠰ ᠵᠢᠯ ᠤᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠴᠢᠯᠠᠨ ᠥᠭᠬᠦ ᠶᠢ ᠬᠢᠨᠠᠨ ᠵᠥᠪᠰᠢᠶᠡᠷᠡᠬᠦ ᠠᠵᠢᠯ ᠢ ᠬᠢᠬᠦ ᠪᠠᠷ ᠪᠠᠶᠢᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠦᠮᠦᠰ ᠤᠨ ᠬᠡᠪᠴᠢᠶ᠎ᠡ    1. ᠠᠤᠬᠠᠨ ᠬᠤᠰᠢᠭᠤᠨ ᠤ ᠬᠢᠯᠢ ᠳᠣᠲᠣᠷ᠎ᠠ ᠠᠵᠤ ᠠᠬᠤᠶᠢᠯᠠᠯ ᠤᠨ ᠨᠠᠰᠤᠵᠢᠯ ᠤᠨ  ᠠᠰᠠᠷᠠᠮᠵᠢ ᠶᠢᠨ ᠳᠠᠭᠠᠳᠬᠠᠯ ᠳᠤ  ᠣᠷᠤᠯᠴᠠᠭᠰᠠᠳ︔    2. ᠡᠷᠡᠭᠲᠡᠶ ᠪᠦᠬᠦᠯᠢ 60 ᠨᠠᠰᠤ᠂ ᠡᠮᠡᠭᠲᠡᠶ ᠠᠵᠢᠯᠴᠢᠨ ᠪᠦᠬᠦᠯᠢ 50 ᠨᠠᠰᠤ ᠬᠦᠷᠦᠭᠰᠡᠨ︔    3. ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 15 ᠵᠢᠯ ᠪᠣᠯᠤᠨ᠎ᠠ᠃    ᠬᠤᠶᠠᠷ᠂ ᠮᠡᠳᠡᠭᠦᠯᠬᠦ ᠴᠠᠭ ᠵᠢᠴᠢ ᠭᠠᠵᠠᠷ ᠣᠷᠣᠨ    2024 ᠣᠨ ᠤ 1 ᠰᠠᠷ᠎ᠠ ᠠᠴᠠ 5 ᠰᠠᠷ᠎ᠠ ᠶᠢᠨ 1 ᠤ ᠡᠳᠦᠷ ᠪᠣᠯᠲᠠᠯ᠎ᠠ ᠨᠢᠭᠡᠨᠲᠡ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠬᠥᠮᠦᠰ ᠂ 5 ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠥᠷᠪᠡᠳᠦᠭᠡᠷ ᠳᠠᠪᠬᠤᠷᠯᠢᠭ ᠤᠨ 18 ᠳ᠋ᠤᠭᠠᠷ ᠴᠣᠩᠬᠤᠪᠴᠢ ᠳᠤ ᠮᠡᠳᠡᠭᠦᠯᠦᠨ᠎ᠡ︔ 6 ᠳ᠋ᠤᠭᠠᠷ ᠰᠠᠷ᠎ᠠ ᠠᠴᠠ ᠬᠤᠶᠢᠰᠢ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠬᠥᠮᠦᠰ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠥᠷᠪᠡᠳᠦᠭᠡᠷ  ᠳᠠᠪᠬᠤᠷᠯᠢᠭ ᠤᠨ 18 ᠳ᠋ᠤᠭᠠᠷ ᠴᠣᠩᠬᠤᠪᠴᠢ ᠳᠤ  ᠬᠦᠷᠭᠡᠨ᠎ᠡ᠃    ᠭᠤᠷᠪᠠ᠂ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ    1. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠠᠵᠢᠯᠲᠠᠨ ᠤ ᠳᠠᠩᠰᠠ ᠡᠪᠬᠡᠮᠡᠯ ᠤᠨ ᠤᠭ ᠮᠠᠲ᠋ᠧᠷᠢᠶᠠᠯ︔    2. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ   3. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠡᠪᠲᠡᠷ ᠵᠢᠴᠢ ᠥᠩᠭᠡᠷᠡᠭᠰᠡᠨ ᠵᠢᠯ ᠤᠳ ᠤᠨ ᠰᠦᠢᠳᠬᠡᠯ ᠲᠤᠰᠢᠶᠠᠭᠰᠠᠨ ᠪᠠᠷᠢᠮᠲᠠ︔    4. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠭᠤᠯᠪᠤᠷᠢ 1 ᠬᠤᠪᠢ︔    5.  ᠡᠪᠡᠳᠴᠢᠨ ᠢᠶᠠᠷ ᠠᠵᠢᠯ ᠠᠴᠠ ᠪᠠᠨ ᠠᠮᠠᠷᠠᠬᠤ ᠪᠠᠷ ᠤᠷᠢᠳᠴᠢᠯᠠᠨ ᠠᠵᠢᠯ ᠠᠴᠠ ᠪᠠᠨ  ᠠᠮᠠᠷᠠᠬᠤ ᠪᠠᠷ ᠭᠤᠶᠤᠴᠢᠯᠠᠭᠰᠠᠨ ᠪᠠᠶᠢᠪᠠᠯ᠂ ᠲᠣᠰ ᠬᠥᠮᠦᠨ ᠤ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠬᠤ ᠭᠤᠶᠤᠴᠢᠯᠠᠯ ᠤᠨ ᠪᠢᠴᠢᠭ ᠵᠢᠴᠢ ︽ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠮᠡᠳᠡᠭᠳᠡᠯ ᠤᠨ ᠪᠢᠴᠢᠭ︾ ᠢᠶᠠᠨ  ᠳᠤᠰᠢᠶᠠᠨ᠎ᠠ︔    6. ᠭᠤᠶᠤᠴᠢᠯᠠᠯ ᠢ ᠣᠨᠴᠠᠭᠠᠶ ᠠᠵᠢᠯ ᠤᠨ ᠲᠥᠷᠥᠯ ᠵᠦᠢᠯ ᠢᠶᠠᠷ ᠤᠷᠢᠳᠴᠢᠯᠠᠨ ᠠᠵᠢᠯ ᠠᠴᠠ ᠪᠠᠨ ᠠᠮᠠᠷᠠᠭᠰᠠᠨ ᠪᠠᠶᠢᠪᠠᠯ᠂ ᠲᠣᠰ ᠬᠥᠮᠦᠨ ᠤ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠭᠤᠶᠤᠴᠢᠯᠠᠯ ᠤᠨ ᠪᠢᠴᠢᠭ ᠵᠢᠴᠢ ︽ᠣᠨᠴᠠᠭᠠᠶ ᠠᠵᠢᠯ ᠤᠨ ᠲᠥᠷᠥᠯ ᠵᠦᠢᠯ ᠤᠨ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠬᠢᠨᠠᠨ ᠲᠣᠭᠲᠠᠭᠠᠬᠤ ᠬᠦᠰᠦᠨᠦᠭᠲᠦ︾ ᠶᠢ 1 ᠬᠤᠪᠢ  ᠳᠤᠰᠢᠶᠠᠨ᠎ᠠ᠃    ᠣᠨᠴᠠᠭᠠᠶᠢᠯᠠᠨ ᠵᠠᠷᠯᠠᠪᠠ          ᠠᠤᠬᠠᠨ  ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                    2024 ᠣᠨ ᠤ 4 ᠰᠠᠷ᠎ᠠ ᠶᠢᠨ 9 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号