2024 ᠣᠨ ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠴᠢᠯᠠᠨ ᠥᠭᠬᠦ ᠶᠢ ᠬᠢᠨᠠᠨ ᠵᠥᠪᠰᠢᠶᠡᠷᠡᠬᠦ ᠠᠵᠢᠯ ᠢ | ᠭᠦᠢᠴᠡᠳᠬᠡᠬᠦ ᠲᠤᠬᠠᠢ ᠠᠯᠪᠠᠨ ᠵᠠᠷ | | | ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ | 2024 ᠣᠨ ᠳᠤ ᠲᠣᠰ ᠵᠢᠯ ᠤᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠲᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠤᠷᠢᠳᠴᠢᠯᠠᠨ ᠥᠭᠬᠦ ᠶᠢ ᠬᠢᠨᠠᠨ ᠵᠥᠪᠰᠢᠶᠡᠷᠡᠬᠦ ᠠᠵᠢᠯ ᠢ ᠬᠢᠬᠦ ᠪᠠᠷ ᠪᠠᠶᠢᠨ᠎ᠠ᠂ ᠡᠳᠦᠭᠡ ᠬᠤᠯᠪᠣᠭᠳᠠᠯ | ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠦᠮᠦᠰ ᠤᠨ ᠬᠡᠪᠴᠢᠶ᠎ᠡ | 1. ᠠᠤᠬᠠᠨ ᠬᠤᠰᠢᠭᠤᠨ ᠤ ᠬᠢᠯᠢ ᠳᠣᠲᠣᠷ᠎ᠠ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠤᠯᠴᠠᠭᠰᠠᠳ︔ | 2. ᠡᠷᠡᠭᠲᠡᠶ ᠪᠦᠬᠦᠯᠢ 60 ᠨᠠᠰᠤ᠂ ᠡᠮᠡᠭᠲᠡᠶ ᠠᠵᠢᠯᠴᠢᠨ ᠪᠦᠬᠦᠯᠢ 50 ᠨᠠᠰᠤ ᠬᠦᠷᠦᠭᠰᠡᠨ︔ | 3. ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 15 ᠵᠢᠯ ᠪᠣᠯᠤᠨ᠎ᠠ᠃ | ᠬᠤᠶᠠᠷ᠂ ᠮᠡᠳᠡᠭᠦᠯᠬᠦ ᠴᠠᠭ ᠵᠢᠴᠢ ᠭᠠᠵᠠᠷ ᠣᠷᠣᠨ | 2024 ᠣᠨ ᠤ 1 ᠰᠠᠷ᠎ᠠ ᠠᠴᠠ 5 ᠰᠠᠷ᠎ᠠ ᠶᠢᠨ 1 ᠤ ᠡᠳᠦᠷ ᠪᠣᠯᠲᠠᠯ᠎ᠠ ᠨᠢᠭᠡᠨᠲᠡ ᠠᠵᠢᠯ ᠠᠴᠠ ᠪᠠᠨ ᠠᠮᠠᠷᠠᠬᠤ | ᠨᠠᠰᠤᠨ ᠳᠤ ᠬᠦᠷᠦᠭᠰᠡᠨ ᠬᠥᠮᠦᠰ ᠂ 5 ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢ | ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠥᠷᠪᠡᠳᠦᠭᠡᠷ ᠳᠠᠪᠬᠤᠷᠯᠢᠭ ᠤᠨ | 18 ᠳ᠋ᠤᠭᠠᠷ ᠴᠣᠩᠬᠤᠪᠴᠢ ᠳᠤ ᠮᠡᠳᠡᠭᠦᠯᠦᠨ᠎ᠡ︔ 6 ᠳ᠋ᠤᠭᠠᠷ ᠰᠠᠷ᠎ᠠ ᠠᠴᠠ ᠬᠤᠶᠢᠰᠢ ᠠᠵᠢᠯ ᠠᠴᠠ ᠪᠠᠨ ᠠᠮᠠᠷᠠᠬᠤ | ᠨᠠᠰᠤᠨ ᠳᠤ ᠬᠦᠷᠦᠭᠰᠡᠨ ᠬᠥᠮᠦᠰ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠬᠠᠮᠢᠶ᠎ᠠ ᠪᠥᠬᠦᠶ ᠮᠠᠲ᠋ᠧᠷᠢᠶᠠᠯ ᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠥᠷᠪᠡᠳᠦᠭᠡᠷ ᠳᠠᠪᠬᠤᠷᠯᠢᠭ ᠤᠨ 18 ᠳ᠋ᠤᠭᠠᠷ | ᠴᠣᠩᠬᠤᠪᠴᠢ ᠳᠤ ᠬᠦᠷᠭᠡᠨ᠎ᠡ᠃ | ᠭᠤᠷᠪᠠ᠂ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ | 1. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠠᠵᠢᠯᠲᠠᠨ ᠤ ᠳᠠᠩᠰᠠ ᠡᠪᠬᠡᠮᠡᠯ ᠤᠨ ᠤᠭ | ᠮᠠᠲ᠋ᠧᠷᠢᠶᠠᠯ︔ | 2. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︔ | | 3. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠡᠪᠲᠡᠷ ᠵᠢᠴᠢ ᠥᠩᠭᠡᠷᠡᠭᠰᠡᠨ ᠵᠢᠯ ᠤᠳ ᠤᠨ ᠰᠦᠢᠳᠬᠡᠯ ᠲᠤᠰᠢᠶᠠᠭᠰᠠᠨ ᠪᠠᠷᠢᠮᠲᠠ︔ | 4. ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠬᠠᠭᠤᠯᠪᠤᠷᠢ 1 ᠬᠤᠪᠢ︔ | 5. ᠡᠪᠡᠳᠴᠢᠨ ᠢᠶᠠᠷ ᠠᠵᠢᠯ ᠠᠴᠠ ᠪᠠᠨ ᠠᠮᠠᠷᠠᠬᠤ ᠪᠠᠷ ᠤᠷᠢᠳᠴᠢᠯᠠᠨ ᠠᠵᠢᠯ ᠠᠴᠠ ᠪᠠᠨ ᠠᠮᠠᠷᠠᠬᠤ ᠪᠠᠷ | ᠭᠤᠶᠤᠴᠢᠯᠠᠭᠰᠠᠨ ᠪᠠᠶᠢᠪᠠᠯ᠂ ᠲᠣᠰ ᠬᠥᠮᠦᠨ ᠤ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠬᠤ | ᠭᠤᠶᠤᠴᠢᠯᠠᠯ ᠤᠨ ᠪᠢᠴᠢᠭ ᠵᠢᠴᠢ ︽ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠮᠡᠳᠡᠭᠳᠡᠯ ᠤᠨ ᠪᠢᠴᠢᠭ︾ | ᠢᠶᠠᠨ ᠳᠤᠰᠢᠶᠠᠨ᠎ᠠ︔ | 6. ᠭᠤᠶᠤᠴᠢᠯᠠᠯ ᠢ ᠣᠨᠴᠠᠭᠠᠶ ᠠᠵᠢᠯ ᠤᠨ ᠲᠥᠷᠥᠯ ᠵᠦᠢᠯ ᠢᠶᠠᠷ ᠤᠷᠢᠳᠴᠢᠯᠠᠨ ᠠᠵᠢᠯ ᠠᠴᠠ ᠪᠠᠨ ᠠᠮᠠᠷᠠᠭᠰᠠᠨ | ᠪᠠᠶᠢᠪᠠᠯ᠂ ᠲᠣᠰ ᠬᠥᠮᠦᠨ ᠤ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠭᠤᠶᠤᠴᠢᠯᠠᠯ ᠤᠨ ᠪᠢᠴᠢᠭ | ᠵᠢᠴᠢ ︽ᠣᠨᠴᠠᠭᠠᠶ ᠠᠵᠢᠯ ᠤᠨ ᠲᠥᠷᠥᠯ ᠵᠦᠢᠯ ᠤᠨ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠬᠢᠨᠠᠨ | ᠲᠣᠭᠲᠠᠭᠠᠬᠤ ᠬᠦᠰᠦᠨᠦᠭᠲᠦ︾ ᠶᠢ 1 ᠬᠤᠪᠢ ᠳᠤᠰᠢᠶᠠᠨ᠎ᠠ᠃ | ᠣᠨᠴᠠᠭᠠᠶᠢᠯᠠᠨ ᠵᠠᠷᠯᠠᠪᠠ | ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2024 ᠣᠨ ᠤ 4 ᠰᠠᠷ᠎ᠠ ᠶᠢᠨ 9 ᠤ ᠡᠳᠦᠷ | | |