︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/15
    ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ        ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠶᠢᠯᠪᠤᠷᠢᠯᠠᠶ᠎ᠠ᠄         ᠨᠢᠭᠡ᠂ ︽ᠲᠥᠰᠥᠯ︾  ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ        ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ  ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ᠂ 2023 ᠣᠨ ᠳᠤ ᠤᠤᠯ  ᠤᠨ ᠤᠯᠠᠭᠠᠨᠬᠠᠳᠠ ᠬᠤᠲᠠ ᠶᠢᠨ ᠭᠠᠮᠰᠢᠭ ᠢ ᠪᠠᠭᠠᠰᠬᠠᠬᠤ ᠵᠥᠪᠯᠡᠯ᠂ ᠤᠯᠠᠭᠠᠨᠬᠠᠳᠠ ᠬᠤᠲᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠢ ᠨᠡᠶᠢᠯᠡᠭᠦᠯᠦᠭᠡᠳ ᠤᠯᠠᠭᠠᠨᠬᠠᠳᠠ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠪᠣᠯᠭᠠᠪᠠ᠃ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠵᠢᠯᠤᠭᠤᠳᠬᠤ ᠭᠠᠵᠠᠷ  ᠤᠨ ᠠᠯᠪᠠᠨ ᠭᠡᠷ ︵ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠠᠴᠠ ︽ᠤᠯᠠᠭᠠᠨᠬᠠᠳᠠ ᠬᠤᠲᠠ ᠶᠢᠨ ᠪᠠᠶᠢᠭᠠᠯᠢ  ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠪᠠ᠃           ᠬᠤᠶᠠᠷ᠂ ︽ᠲᠥᠰᠥᠯ︾ ᠳᠤ ᠵᠠᠰᠠᠪᠤᠷᠢ ᠣᠷᠣᠭᠤᠯᠤᠭᠰᠠᠨ ᠶᠠᠪᠤᠴᠠ        ᠬᠤᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠡᠨᠡ ᠵᠢᠯ ᠤᠨ 11 ᠰᠠᠷ᠎ᠠ ᠳᠤ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠤᠨ ᠲᠥᠰᠥᠯ ᠳᠤ ᠵᠠᠰᠠᠪᠤᠷᠢ ᠣᠷᠣᠭᠤᠯᠬᠤ ᠵᠣᠬᠢᠴᠠᠭᠤᠯᠬᠤ ᠬᠤᠷᠠᠯ ᠬᠤᠷᠠᠯᠳᠤᠭᠤᠯᠵᠤ ᠂ ᠲᠥᠰᠥᠯ ᠳᠤ ᠵᠠᠰᠠᠪᠤᠷᠢ ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂  ᠲᠥᠰᠥᠯ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ ᠠᠵᠢᠯᠯᠠᠬᠤ ᠳᠤᠭᠤᠶᠢᠯᠠᠩ ᠤᠨ ᠬᠢᠨ ᠲᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠭᠰᠡᠨ ᠪᠠ ᠭᠦᠨᠵᠡᠭᠡᠢ ᠰᠤᠳᠤᠯᠤᠨ ᠶᠠᠷᠢᠯᠴᠠᠵᠤ᠂ ︽ᠲᠥᠰᠥᠯ︾  ᠤᠨ ᠡᠬᠡ ᠨᠣᠣᠷᠠᠭ ᠢ ᠪᠦᠷᠢᠯᠳᠦᠭᠦᠯᠵᠦ᠂ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ᠂ ᠪᠢᠴᠢᠭ ᠢᠶᠠᠷ ᠡᠯ᠎ᠡ ᠬᠤᠰᠢᠭᠤ ᠰᠢᠶᠠᠨ ᠲᠣᠭᠤᠷᠢᠭ  ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠵᠢᠴᠢ ᠬᠤᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠰᠠᠨᠠᠯ ᠢ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ︽ᠲᠥᠰᠥᠯ︾  ᠤᠨ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ  ᠪᠦᠷᠢᠯᠳᠦᠭᠦᠯᠪᠡ᠃        ᠭᠤᠷᠪᠠ᠂ ︽ᠲᠥᠰᠥᠯ︾ ᠤᠨ ᠭᠤᠣᠯ ᠠᠭᠤᠯᠭ᠎ᠠ        ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠥᠯ ᠨᠢ ᠨᠡᠶᠢᠲᠡ 8 ᠪᠦᠯᠦᠭ ᠲᠠᠢ᠃       ᠨᠢᠭᠡᠳᠦᠭᠡᠷ ᠪᠦᠯᠦᠭ᠂ ᠶᠡᠷᠦᠩᠬᠡᠢ ᠳᠦᠷᠢᠮ᠃ ᠭᠤᠣᠯᠳᠠᠭᠤ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠠᠵᠢᠯ ᠤᠨ ᠵᠠᠷᠴᠢᠮ᠂ ᠬᠡᠷᠡᠭᠯᠡᠬᠦ ᠬᠡᠪᠴᠢᠶ᠎ᠡ ᠶᠢᠨ ᠲᠤᠬᠠᠢ  ᠲᠣᠳᠤᠷᠬᠠᠶᠢᠯᠠᠪᠠ᠃      ᠬᠤᠶᠠᠳᠤᠭᠠᠷ ᠪᠦᠯᠦᠭ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ᠃ ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ᠂ ᠪᠦᠷᠢᠯᠳᠦᠭᠦᠨ ᠨᠢᠭᠡᠴᠡ ᠶᠢᠨ ᠭᠤᠣᠯ ᠲᠤᠰᠢᠶᠠᠯ ᠬᠠᠷᠢᠭᠤᠴᠠᠯᠭ᠎ᠠ ᠶᠢᠨ ᠲᠤᠬᠠᠢ ᠲᠣᠳᠤᠷᠬᠠᠶᠢᠯᠠᠪᠠ᠃ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠺᠣᠮᠠᠨᠳ᠋ᠯᠠᠭᠴᠢ᠂ ᠳᠡᠳ᠋ ᠶᠡᠷᠦᠩᠬᠡᠢ ᠺᠣᠮᠠᠨᠳ᠋ᠯᠠᠭᠴᠢ ᠵᠢᠴᠢ ᠪᠦᠷᠢᠯᠳᠦᠭᠦᠨ ᠨᠢᠭᠡᠴᠡ ᠶᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠵᠦ᠂ ᠬᠤᠲᠠ ᠶᠢᠨ ᠭᠠᠮᠰᠢᠭ ᠢ ᠪᠠᠭᠠᠰᠬᠠᠬᠤ ᠵᠥᠪᠯᠡᠯ ᠢ ᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ  ᠠᠴᠠ ᠠᠪᠤᠷᠠᠬᠤ ᠵᠢᠯᠤᠭᠤᠳᠬᠤ ᠭᠠᠵᠠᠷ ᠪᠣᠯᠭᠠᠨ ᠲᠣᠬᠢᠷᠠᠭᠤᠯᠵᠤ᠂ ᠬᠡᠰᠡᠭ ᠪᠦᠷᠢᠯᠳᠦᠭᠦᠨ ᠨᠢᠭᠡᠴᠡ ᠶᠢᠨ ᠡᠭᠦᠷᠭᠡ ᠴᠢᠳᠠᠪᠤᠷᠢ ᠪᠣᠯᠣᠨ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠪᠡ᠃        ᠭᠤᠷᠪᠠᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ᠃ ᠭᠤᠣᠯᠳᠠᠭᠤ ᠪᠡᠯᠡ ᠮᠥᠩᠭᠦ᠂ ᠭᠠᠮᠰᠢᠭ ᠠᠴᠠ ᠠᠪᠤᠷᠠᠬᠤ ᠡᠳ᠋ ᠪᠣᠳᠠᠰ ᠂ ᠮᠡᠳᠡᠭᠡ ᠬᠤᠯᠪᠣᠭ᠎ᠠ ᠪᠠ ᠮᠡᠳᠡᠭᠡ ᠵᠠᠩᠭᠢ᠂ ᠭᠠᠮᠰᠢᠭ ᠠᠴᠠ ᠠᠪᠤᠷᠠᠬᠤ ᠲᠤᠨᠤᠭ ᠲᠥᠬᠦᠭᠡᠷᠦᠮᠵᠢ ᠂ ᠬᠥᠮᠥᠨ ᠤ ᠬᠦᠴᠦᠨ ᠤ ᠡᠬᠢ ᠪᠠᠶᠠᠯᠢᠭ ᠂ ᠨᠡᠶᠢᠭᠡᠮ ᠤᠨ ᠳᠠᠶᠢᠴᠢᠯᠠᠯᠲᠠ ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠠᠯᠠᠪᠤᠷ ᠂ ᠤᠬᠠᠭᠤᠯᠭ᠎ᠠ ᠪᠣᠯᠪᠠᠰᠤᠷᠠᠭᠤᠯᠤᠯ ᠪᠠ ᠰᠣᠷᠢᠯᠲᠠ ᠶᠢᠨ ᠪᠡᠯᠡᠳᠬᠡᠯ ᠠᠵᠢᠯ ᠤᠨ ᠲᠤᠬᠠᠢ ᠲᠣᠳᠤᠷᠬᠠᠶᠢᠯᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠤᠷᠢᠳᠴᠢᠯᠠᠨ ᠰᠡᠷᠭᠡᠶᠢᠯᠡᠬᠦ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠵᠠᠰᠠᠪᠤᠷᠢ  ᠣᠷᠤᠭᠤᠯᠪᠠ᠃        ᠳᠥᠷᠪᠡᠳᠦᠭᠡᠷ ᠪᠦᠯᠦᠭ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠶᠢᠨ ᠬᠠᠮᠢᠶᠠᠷᠤᠯᠲᠠ᠃ ᠭᠤᠣᠯᠳᠠᠭᠤ ᠭᠠᠮᠰᠢᠭ ᠢ ᠬᠢᠨᠠᠨ ᠬᠡᠮᠵᠢᠬᠦ ᠪᠠ ᠮᠡᠳᠡᠭᠦᠯᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠳᠠᠮᠵᠢᠭᠤᠯᠬᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠯ᠎ᠠ ᠪᠠᠷ ᠲᠣᠳᠤᠷᠬᠠᠶᠢᠯᠠᠪᠠ᠃        ᠲᠠᠪᠤᠳᠤᠭᠠᠷ ᠪᠦᠯᠦᠭ᠂ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ᠃ ᠡᠭᠦᠨ ᠳᠤ ᠭᠤᠣᠯᠳᠠᠭᠤ ᠡᠬᠢᠯᠡᠭᠦᠯᠬᠦ ᠨᠥᠬᠦᠴᠡᠯ᠂ ᠡᠬᠢᠯᠡᠭᠦᠯᠬᠦ ᠵᠢᠷᠤᠮ᠂ ᠤᠷᠢᠳᠴᠢᠯᠠᠨ ᠰᠡᠷᠡᠮᠵᠢᠯᠡᠭᠦᠯᠬᠦ ᠵᠣᠬᠢᠴᠠᠩᠭᠤᠢ ᠠᠷᠭ᠎ᠠ ᠬᠡᠮᠵᠢᠶ᠎ᠡ᠂ ᠤᠷᠢᠳᠴᠢᠯᠠᠨ ᠰᠡᠷᠡᠮᠵᠢᠯᠡᠭᠦᠯᠬᠦ  ᠶᠢ ᠳᠠᠭᠠᠬᠤ ᠠᠵᠢᠯᠯᠠᠭ᠎ᠠ  ᠶᠢ ᠳᠠᠭᠤᠰᠬᠠᠬᠤ ᠲᠤᠬᠠᠢ ᠲᠣᠳᠤᠷᠬᠠᠶᠢᠯᠠᠪᠠ᠃        ᠵᠢᠷᠭᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ᠃ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠶᠢᠨ ᠪᠥᠬᠦ ᠶᠠᠪᠤᠴᠠ ᠳᠤ ᠲᠣᠳᠣᠷᠬᠠᠶᠢᠯᠠᠯᠲᠠ ᠬᠢᠪᠡ᠃ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠲᠠᠰ ᠬᠤᠪᠢᠶᠠᠬᠤ ᠪᠠᠷᠢᠮᠵᠢᠶ᠎ᠠ᠂ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭᠠᠯᠠᠯ᠂ ᠳᠠᠭᠠᠬᠤ ᠠᠷᠭ᠎ᠠ ᠬᠡᠮᠵᠢᠶ᠎ᠡ ᠪᠠ ᠳᠠᠭᠤᠰᠬᠠᠬᠤ ᠨᠥᠬᠦᠴᠡᠯ ᠢ ᠲᠣᠳᠣᠷᠬᠠᠢ ᠲᠣᠭᠲᠠᠭᠠᠪᠠ᠃ ᠳᠡᠭᠡᠷᠡᠬᠢ ᠲᠥᠰᠥᠯ ᠲᠠᠢ ᠬᠠᠷᠢᠴᠠᠭᠤᠯᠪᠠᠯ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠲᠣᠬᠢᠷᠠᠭᠤᠯᠤᠯᠲᠠ ᠬᠢᠪᠡ᠃        ᠳᠣᠯᠣᠳᠤᠭᠠᠷ ᠪᠦᠯᠦᠭ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ᠃ ᠭᠤᠣᠯᠳᠠᠭᠤ ᠰᠢᠯᠵᠢᠯᠲᠡ ᠶᠢᠨ ᠴᠢᠨᠠᠷᠲᠠᠢ ᠠᠮᠢᠳᠤᠷᠠᠯ ᠤᠨ ᠠᠪᠤᠷᠠᠨ ᠲᠤᠰᠠᠯᠠᠯᠲᠠ᠂ ᠡᠪᠦᠯ ᠬᠠᠪᠤᠷ  ᠤᠨ ᠠᠪᠤᠷᠠᠨ ᠲᠤᠰᠠᠯᠠᠯᠲᠠ᠂ ᠡᠪᠳᠡᠷᠡᠵᠦ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠲᠤᠬᠠᠢ ᠲᠣᠳᠤᠷᠬᠠᠶᠢᠯᠠᠪᠠ᠃        ᠨᠠᠢᠮᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠭᠤᠣᠯᠳᠠᠭᠤ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ ᠤᠨ ᠬᠢᠨᠠᠯᠲᠠ ᠬᠠᠮᠢᠶᠠᠷᠤᠯᠲᠠ᠂ ᠱᠠᠩᠨᠠᠯ ᠬᠥᠬᠢᠭᠦᠯᠦᠯ ᠪᠠ ᠡᠭᠦᠷᠭᠡ ᠬᠠᠷᠢᠭᠤᠴᠠᠯᠭ᠎ᠠ᠂ ᠲᠥᠰᠥᠯ ᠤᠨ ᠰᠣᠷᠢᠯᠲᠠ᠂ ᠨᠡᠷ᠎ᠡ ᠲᠣᠮᠢᠶ᠎ᠠ ᠪᠠ ᠲᠣᠳᠣᠷᠬᠠᠶᠢᠯᠠᠯᠲᠠ᠂ ᠲᠥᠰᠥᠯ ᠤᠨ ᠬᠡᠷᠡᠭᠵᠢᠭᠦᠯᠦᠯᠲᠡ ᠶᠢᠨ ᠲᠤᠬᠠᠢ ᠲᠣᠳᠣᠷᠬᠠᠶᠢᠯᠠᠨ ᠲᠥᠰᠥᠯ ᠢ ᠬᠡᠷᠡᠭᠵᠢᠭᠦᠯᠬᠦ ᠴᠠᠭ ᠢ ᠲᠣᠭᠲᠠᠭᠠᠪᠠ᠃   
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号