ᠮᠠ ᠯᠢ ᠬᠤᠸᠠ ᠪᠦᠯᠬᠦᠮ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ  ᠲᠠᠲᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/15
    4 ᠰᠠᠷ᠎ᠠ ᠶᠢᠨ 9 — 12 ᠤᠨ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠮᠠ ᠯᠢ ᠬᠤᠸᠠ ᠠᠷᠠᠯᠵᠢᠶᠠᠴᠢᠨ ᠤᠷᠢᠵᠤ ᠪᠠᠯᠠ  ᠲᠠᠲᠠᠬᠤ ᠠᠵᠢᠯ ᠤᠨ ᠳᠤᠭᠤᠶᠢᠯᠠᠩ ᠢ ᠳᠠᠭᠠᠭᠤᠯᠤᠨ᠂ ᠱᠠᠨᠳᠦ᠋ᠩ ᠮᠤᠵᠢ ᠶᠢᠨ ᠴᠢᠩᠳᠤᠤ ᠬᠤᠲᠠ᠂ ᠶᠠᠨ ᠲᠠᠢ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ  ᠲᠠᠲᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠬᠤ ᠪᠠ ᠪᠣᠬᠢᠷᠲᠤᠯ ᠥᠬᠡᠶ ᠴᠢᠳᠬᠤᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠥᠷᠨᠢᠭᠦᠯᠪᠡ᠃
C:\Users\Administrator\Desktop\1.jpg
    ᠮᠠ ᠯᠢ ᠬᠤᠸᠠ ᠨᠠᠷ ᠡᠩ ᠲᠡᠷᠢᠭᠦᠨ ᠳᠤ ᠶᠠᠨ ᠲᠠᠢ ᠯᠠᠢ ᠵᠧᠦ ᠬᠤᠳᠠ ᠳᠤ ᠪᠠᠢ ᠶᠧ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠱᠠᠨᠳᠦ᠋ᠩ ᠤᠨ ᠮᠢᠩ ᠢᠦᠢ ᠬᠦᠨᠳᠦ ᠠᠵᠤ ᠦᠢᠯᠡᠳᠪᠦᠷᠢ ᠶᠢᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠮᠢᠩ ᠢᠦᠢ ᠬᠦᠨᠳᠦ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠶᠠᠪᠤᠴᠠ ᠶᠢ ᠨᠠᠷᠢᠨ ᠣᠶᠢᠯᠠᠭᠠᠬᠤ ᠶᠢᠨ ᠬᠠᠮᠲᠤ ᠴᠢᠳᠬᠤᠨ ᠦᠢᠯᠡᠳᠬᠦ ᠴᠢᠬᠤᠯᠠ ᠬᠡᠷᠡᠭᠴᠡᠭᠡ ᠪᠣᠯᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠲᠤᠬᠠᠢ ᠲᠤᠰ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠠᠢ ᠭᠦᠨᠵᠡᠭᠡᠢ ᠤᠯᠤᠯᠴᠠᠭ᠎ᠠ ᠪᠠ ᠰᠣᠯᠢᠯᠴᠠᠭ᠎ᠠ ᠬᠢᠵᠡᠢ᠃
C:\Users\Administrator\Desktop\2.jpg
    ᠮᠠ ᠯᠢ ᠬᠤᠸᠠ ᠨᠠᠷ ᠪᠠᠰᠠ ᠴᠢᠩᠳᠣᠣ ᠬᠤᠲᠠ ᠶᠢᠨ ᠱᠧᠩ ᠮᠧᠶ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠮᠠ ᠯᠢ ᠬᠤᠸᠠ ︽V ᠠᠷᠭ᠎ᠠ︾ ᠶᠢᠨ ᠴᠢᠳᠬᠤᠬᠤ ᠤᠷ᠎ᠠ ᠮᠡᠷᠭᠡᠵᠢᠯ ᠤᠨ ᠦᠢᠯᠡᠳᠪᠦᠷᠢᠯᠡᠯ ᠤᠨ ᠶᠠᠪᠤᠴᠠ ᠶᠢ ᠨᠠᠷᠢᠨ ᠣᠶᠢᠯᠠᠭᠠᠭᠰᠠᠨ ᠪᠥᠭᠡᠳ ᠠᠤᠬᠠᠨ ᠬᠤᠰᠢᠭᠤᠨ ᠤ ᠪᠣᠬᠢᠷᠲᠤᠯ ᠥᠬᠡᠶ ᠴᠢᠳᠬᠤᠨ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠬᠤ ᠳᠠᠪᠠᠭᠤᠯᠢᠭ ᠪᠠ ᠡᠷᠡᠰ ᠵᠣᠷᠢᠭ ᠤᠨ ᠲᠤᠬᠠᠶ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠮᠠ ᠯᠢ ᠬᠤᠸᠠ ᠨᠠᠷ ᠪᠣᠯᠤᠨ ᠠᠤᠬᠠᠨ ᠬᠤᠰᠢᠭᠤᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠠᠩᠬᠠᠳᠠᠭᠴᠢ ︽V ᠠᠷᠭ᠎ᠠ︾ ᠶᠢᠨ ᠴᠢᠳᠬᠤᠨ ᠦᠢᠯᠡᠳᠬᠦ ᠮᠠᠰᠢᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠥᠬᠦᠭᠡᠷᠦᠮᠵᠢ ᠶᠢᠨ ᠵᠠᠬᠢᠶᠠᠯᠠᠭ᠎ᠠ᠂ ᠠᠵᠢᠯ ᠡᠬᠢᠯᠡᠬᠦ ᠴᠠᠭ ᠤᠨ ᠲᠤᠬᠠᠶ ᠬᠠᠮᠲᠤ ᠶᠢᠨ ᠲᠠᠨᠢᠯᠲᠠ ᠲᠠᠢ ᠪᠣᠯᠪᠠ᠃    ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠮᠥᠩᠭᠦᠨ ᠭᠦᠢᠯᠭᠡᠭᠡ ᠪᠣᠯᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
C:\Users\Administrator\Desktop\3.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号