ᠪᠦᠬᠦ ᠵᠢᠯ ᠤᠨ ᠨᠣᠭᠤᠭᠠᠷᠠᠭᠤᠯᠤᠯᠲᠠ ᠶᠢᠨ ᠠᠷᠠᠴᠢᠯᠠᠵᠤ ᠬᠠᠮᠠᠭᠠᠯᠠᠬᠤ ᠠᠵᠢᠯ ᠢ ᠦᠨᠡᠨᠬᠦ ᠰᠠᠢᠲᠤᠷ ᠬᠢᠵᠦ᠂ | ᠬᠤᠲᠠ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ | ᠠᠤᠬᠠᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠬᠠᠪᠤᠷ ᠤᠨ ᠤᠯᠠᠷᠢᠯ ᠤᠨ ᠡᠨᠡ ᠬᠦ ᠨᠣᠭᠤᠭᠠᠷᠠᠭᠤᠯᠤᠯᠲᠠ ᠶᠢᠨ ᠠᠷᠠᠴᠢᠯᠠᠯᠲᠠ ᠶᠢᠨ | ᠵᠠᠩᠭᠢᠯᠠᠭ᠎ᠠ ᠶᠢᠨ ᠴᠡᠭ ᠢ ᠴᠢᠩᠭ᠎ᠠ ᠠᠳᠭᠤᠵᠤ᠂ ᠠᠤᠬᠠᠨ ᠬᠤᠰᠢᠭᠤᠨ ᠤ ᠵᠦᠩ ᠴᠧᠩ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠬᠢᠵᠠᠭᠠᠷᠲᠤ ᠺᠣᠮᠫᠠᠨᠢ ᠶᠢ ᠱᠠᠯᠠᠪᠳᠠᠭᠤᠯᠵᠤ ᠪᠠᠶᠢᠭᠠᠳ ᠨᠣᠭᠤᠭᠠᠷᠠᠭᠤᠯᠤᠯᠲᠠ ᠶᠢᠨ | ᠠᠵᠢᠯᠴᠢᠳ ᠢ ᠢᠳᠡᠪᠬᠢᠲᠡᠢ ᠵᠣᠬᠢᠶᠠᠨ ᠪᠠᠶᠢᠭᠤᠯᠵᠤ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠴᠢᠬᠢ | ᠮᠣᠳᠣ ᠶᠢ ᠬᠠᠶᠢᠴᠢᠯᠠᠵᠤ ᠵᠠᠰᠠᠬᠤ᠂ ᠵᠦᠯᠭᠡ ᠭᠠᠵᠠᠷ ᠤᠨ ᠠᠷᠢᠭᠤᠨ ᠴᠡᠪᠡᠷ᠂ ᠨᠣᠭᠤᠭᠠᠷᠠᠭᠤᠯᠤᠨ ᠤᠰᠤᠯᠠᠬᠤ ᠂ | ᠬᠠᠪᠤᠷ ᠤᠨ ᠤᠯᠠᠷᠢᠯ ᠤᠨ ᠴᠡᠪᠡᠷᠯᠡᠯᠲᠡ ᠵᠡᠷᠭᠡ ᠥᠨᠳᠥᠷ ᠪᠠᠷᠢᠮᠵᠢᠶᠠᠲᠤ ᠬᠠᠪᠤᠷ ᠤᠨ ᠤᠯᠠᠷᠢᠯ ᠤᠨ ᠠᠷᠠᠴᠢᠯᠠᠨ | ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ | ᠨᠢᠭᠡ᠂ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠠᠷᠢᠭᠤᠨ ᠴᠡᠪᠡᠷ ᠪᠠᠶᠢᠯᠭᠠᠬᠤ ᠠᠵᠢᠯ ᠢ | ᠴᠢᠩᠭᠠᠳᠬᠠᠨ᠎ᠠ ᠃ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠡᠯᠳᠡᠪ ᠪᠣᠳᠠᠰ᠂ ᠴᠠᠭᠠᠨ ᠥᠩᠭᠡ ᠶᠢᠨ | ᠬᠤᠭ ᠨᠣᠪᠰᠢ᠂ ᠬᠠᠲᠠᠭᠰᠠᠨ ᠨᠠᠪᠴᠢ ᠵᠡᠷᠭᠡ ᠶᠢ ᠴᠠᠭ ᠲᠤᠬᠠᠶ ᠳᠤᠨᠢ ᠴᠡᠪᠡᠷᠯᠡᠨ᠎ᠡ ᠃ ᠨᠢᠭᠡ ᠳᠤ ᠂ ᠵᠦᠯᠭᠡ | ᠭᠠᠵᠠᠷ ᠤᠨ ᠭᠠᠯ ᠤᠨ ᠠᠶᠤᠯ ᠡᠭᠦᠰᠬᠦ ᠶᠢ ᠰᠡᠷᠭᠡᠶᠢᠯᠡᠨ᠎ᠡ᠂ ᠬᠤᠶᠠᠷ ᠲᠤ᠂ ᠡᠪᠦᠯᠵᠢᠭᠰᠡᠨ ᠬᠤᠷᠣᠬᠠᠶ ᠶᠢᠨ | ᠥᠨᠳᠡᠭᠡ ᠶᠢ ᠴᠡᠪᠡᠷᠯᠡᠨ᠎ᠡ ᠃ ᠭᠤᠷᠪᠠ ᠳᠤ᠂ ᠬᠤᠶᠠᠳᠠᠬᠢ ᠤᠳᠠᠭᠠᠨ ᠤ ᠪᠣᠬᠢᠷᠲᠤᠯ ᠢ ᠰᠡᠷᠭᠡᠶᠢᠯᠡᠵᠦ᠂ ᠵᠦᠯᠭᠡ | ᠭᠠᠵᠠᠷ ᠤᠨ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠨ᠎ᠠ᠃ | ᠬᠤᠶᠠᠷ᠂ ᠮᠣᠳᠣ ᠶᠢ ᠬᠠᠶᠢᠴᠢᠯᠠᠨ ᠵᠠᠰᠠᠬᠤ ᠠᠵᠢᠯ ᠢ ᠰᠠᠶᠢᠲᠤᠷ ᠬᠢᠨ᠎ᠡ ᠃ ᠬᠠᠪᠤᠷ ᠤᠨ ᠤᠯᠠᠷᠢᠯ᠂ ᠮᠣᠳᠣ | ᠤᠷᠭᠤᠯᠲᠠ ᠶᠢᠨ ᠬᠤᠭᠤᠴᠠᠭᠠᠨ ᠳᠤ ᠰᠢᠯᠵᠢᠨ᠂ ᠴᠡᠴᠡᠷᠯᠢᠭ ᠤᠨ ᠠᠵᠢᠯᠴᠢᠳ ᠣᠳᠣᠬᠠᠨ ᠤ ᠠᠭᠤᠷ ᠠᠮᠢᠰᠬᠤᠯ ᠤᠨ | ᠣᠨᠴᠠᠯᠢᠭ ᠵᠢᠴᠢ ᠮᠣᠳᠣᠨ ᠤ ᠤᠷᠭᠤᠯᠲᠠ ᠶᠢᠨ ᠪᠠᠶᠢᠳᠠᠯ ᠳᠤ ᠴᠢᠭᠯᠡᠭᠦᠯᠦᠨ᠂ ᠬᠤᠳᠠ ᠲᠣᠭᠤᠷᠢᠭ ᠤᠨ | ᠨᠣᠭᠤᠭᠠᠷᠠᠭᠤᠯᠤᠯᠲᠠ ᠶᠢᠨ ᠪᠦᠰᠡ ᠶᠢᠨ ᠡᠯ᠎ᠡ ᠲᠦᠷᠦᠯ ᠤᠨ ᠲᠤᠷᠤᠭ ᠪᠤᠲᠠᠯᠢᠭ ᠮᠣᠳᠣ ᠶᠢ ᠬᠠᠶᠢᠴᠢᠯᠠᠨ ᠵᠠᠰᠠᠬᠤ | ᠠᠵᠢᠯ ᠥᠷᠨᠢᠭᠦᠯᠪᠡ ᠃ ᠨᠢᠭᠡ ᠳᠤ᠂ ᠬᠤᠪᠠᠭ᠋ᠠᠢ ᠰᠠᠯᠠᠭ᠎ᠠ᠂ ᠡᠪᠡᠳᠴᠢᠨ ᠲᠠᠢ ᠰᠠᠯᠠᠭ᠎ᠠ᠂ ᠬᠦᠯᠳᠡᠭᠡᠭᠰᠡᠨ ᠰᠠᠯᠠᠭ᠎ᠠ᠂ | ᠳᠣᠲᠣᠷ ᠬᠦᠨᠳᠡᠢ ᠶᠢᠨ ᠰᠠᠯᠠᠭ᠎ᠠ ᠵᠡᠷᠭᠡ ᠶᠢ ᠠᠷᠢᠯᠭᠠᠬᠤ ᠪᠠᠷ ᠳᠠᠮᠵᠢᠭᠤᠯᠤᠨ᠂ ᠮᠣᠳᠣᠨ ᠤ ᠨᠡᠪᠲᠡᠷᠡᠬᠦ ᠴᠢᠨᠠᠷ ᠢ | ᠨᠡᠮᠡᠭᠳᠡᠭᠦᠯᠵᠦ᠂ ᠮᠣᠳᠣᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠪᠠ ᠰᠥᠷᠬᠦ ᠶᠢ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠮᠣᠳᠣᠨ ᠤ ᠡᠷᠡᠭᠦᠯ ᠤᠷᠭᠤᠯᠲᠠ ᠶᠢ ᠪᠠᠲᠤᠯᠠᠨ᠎ᠠ︔ ᠬᠤᠶᠠᠷ ᠲᠤ᠂ ᠬᠤᠪᠬᠠᠶᠢᠷᠠᠵᠤ | ᠬᠠᠵᠠᠶᠢᠭᠰᠠᠨ ᠰᠠᠯᠠᠭ᠎ᠠ ᠶᠢ ᠬᠠᠶᠢᠴᠢᠯᠠᠬᠤ ᠪᠠᠷ ᠳᠠᠮᠵᠢᠨ ᠂ ᠮᠣᠳᠣᠨ ᠤ ᠦᠵᠡᠮᠵᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ︔ ᠭᠤᠷᠪᠠ ᠳᠤ᠂ ᠥᠨᠳᠥᠷ ᠬᠦᠴᠦᠳᠡᠯᠲᠦ ᠴᠠᠬᠢᠯᠭᠠᠨ ᠤᠲᠠᠰᠤᠨ ᠤ ᠳᠣᠣᠷᠠᠬᠢ ᠵᠢᠴᠢ ᠵᠠᠮ | ᠬᠠᠷᠢᠯᠴᠠᠭᠠᠨ ᠤ ᠳᠣᠬᠢᠶᠠᠨ ᠳ᠋ᠧᠩ ᠢ ᠬᠠᠯᠬᠠᠯᠠᠵᠤ ᠪᠠᠶᠢᠭ᠎ᠠ ᠰᠠᠯᠠᠭ᠎ᠠ ᠨᠠᠮᠠᠭ᠎ᠠ ᠶᠢ ᠬᠠᠶᠢᠴᠢᠯᠠᠨ ᠵᠠᠰᠠᠬᠵᠤ ᠠᠮᠤᠷ | ᠲᠦᠪᠰᠢᠨ ᠤ ᠳᠠᠯᠳᠠ ᠭᠡᠮ ᠢ ᠠᠷᠢᠯᠭᠠᠨ᠎ᠠ᠃ | ᠭᠤᠷᠪᠠ᠂ ᠤᠰᠤᠯᠠᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠡ ᠃ ᠮᠠᠨ ᠤ ᠣᠷᠣᠨ ᠬᠠᠪᠤᠷ ᠤᠨ | ᠤᠯᠠᠷᠢᠯ ᠤᠨ ᠭᠠᠩ ᠬᠠᠭᠤᠷᠠᠶ ᠰᠠᠯᠬᠢ ᠶᠡᠬᠡᠲᠡᠶ᠂ ᠤᠰᠤᠨ ᠤ ᠠᠭᠤᠷᠰᠢᠯᠲᠠ ᠶᠢᠨ ᠬᠡᠮᠵᠢᠶ᠎ᠡ ᠶᠡᠭᠡ᠂ ᠴᠢᠬᠢ ᠮᠣᠳᠣᠨ ᠤ | ᠤᠷᠤᠭᠰᠢᠲᠠᠶ ᠨᠣᠭᠤᠭᠠᠷᠠᠬᠤ ᠶᠢ ᠪᠠᠲᠤᠯᠠᠬᠤ ᠶᠢᠨ ᠲᠥᠯᠥᠭᠡ᠂ ᠴᠡᠴᠡᠷᠯᠢᠭ ᠤᠨ ᠠᠵᠢᠯᠴᠢᠳ ᠮᠣᠳᠣᠨ ᠤ ᠨᠦᠬᠡ ᠶᠢᠨ | ᠡᠯᠳᠡᠪ ᠪᠣᠳᠠᠰ ᠢ ᠴᠠᠭ ᠲᠤᠬᠠᠶ ᠳᠤᠨᠢ ᠴᠡᠪᠡᠷᠯᠡᠵᠦ᠂ ᠮᠣᠳᠣᠨ ᠤ ᠨᠦᠬᠡ ᠶᠢ ᠥᠷᠭᠡᠳᠬᠡᠨ᠂ ᠤᠰᠤᠯᠠᠯᠲᠠ ᠶᠢᠨ | ᠲᠣᠭᠤᠷᠢᠭ ᠢ ᠵᠠᠰᠠᠵᠤ᠂ ᠬᠥᠷᠥᠰᠥ ᠰᠢᠷᠣᠶ ᠶᠢᠨ ᠬᠡᠢ ᠨᠡᠪᠲᠡᠷᠡᠬᠦ ᠴᠢᠨᠠᠷ ᠢ ᠨᠡᠮᠡᠭᠳᠡᠭᠦᠯᠵᠦ᠂ ᠮᠣᠳᠣᠨ ᠤ | ᠤᠷᠭᠤᠯᠲᠠ ᠶᠢᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠥᠩ ᠴᠧᠩ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠢᠵᠠᠭᠠᠷᠲᠤ ᠺᠣᠮᠫᠠᠨᠢ ᠶᠢᠨ ᠴᠠᠭ ᠢ ᠠᠮᠵᠢᠨ᠂ ᠠᠬᠢᠴᠠ ᠶᠢ ᠲᠦᠷᠭᠡᠳᠬᠡᠬᠦ ᠶᠢ ᠦᠷᠭᠦᠯᠵᠢᠯᠡᠨ ᠱᠠᠯᠠᠪᠳᠠᠭᠤᠯᠵᠤ᠂ | ᠬᠤᠲᠠ ᠲᠣᠭᠤᠷᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠥᠨᠳᠥᠷ ᠪᠠᠷᠢᠮᠵᠢᠶ᠎ᠠ ᠪᠠᠷ | ᠪᠡᠶᠡᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠭᠤᠶᠣ ᠰᠠᠶᠢᠬᠠᠨ᠂ ᠴᠡᠪᠡᠷ ᠴᠡᠮᠴᠡᠭᠡᠷ᠂ ᠣᠷᠣᠰᠢᠨ | ᠰᠠᠭᠤᠬᠤ ᠳᠤ ᠲᠣᠬᠢᠷᠠᠮᠵᠢᠲᠠᠶ ᠬᠤᠲᠠ ᠶᠢᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ | |