ᠤᠷᠤᠢ ᠶᠢᠨ ᠰᠦᠮ᠎ᠡ ᠰᠤᠮᠤ᠄ ᠬᠠᠪᠤᠷ ᠤᠨ ᠤᠯᠠᠷᠢᠯ ᠤᠨ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
     ᠣᠶ ᠰᠢᠭᠤᠶ ᠨᠤᠲᠤᠭ ᠪᠡᠯᠴᠢᠭᠡᠷ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠦᠷᠭᠡᠨ ᠲᠤᠰᠬᠠᠯ ᠭᠠᠷᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠷᠤᠢ ᠶᠢᠨ ᠰᠦᠮ᠎ᠡ ᠰᠤᠮᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠤᠳᠤᠷᠢᠳᠬᠤ ᠪᠠᠭ ᠤᠨ ᠭᠡᠰᠢᠭᠦᠨ᠂ ᠠᠯᠪᠠᠨ ᠪᠠᠶᠢᠭᠤᠯᠭ᠎ᠠ᠂ ᠥᠷᠲᠡᠭᠡ ᠭᠠᠵᠠᠷ ᠤᠨ ᠪᠥᠬᠦ ᠠᠵᠢᠯᠲᠠᠨ᠂ ᠡᠯ᠎ᠡ ᠭᠠᠴᠠᠭᠠᠨ ᠤ ᠺᠠᠳ᠋ᠷ ᠵᠢᠴᠢ ᠭᠠᠯ ᠰᠡᠷᠭᠡᠶᠢᠯᠡᠨ ᠤᠨᠲᠠᠷᠠᠭᠠᠬᠤ ᠭᠡᠰᠢᠭᠦᠨ᠂ ᠭᠠᠴᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠶᠢᠨ ᠭᠡᠰᠢᠭᠦᠨ᠂ ᠭᠠᠴᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠰᠤᠮᠤ ᠶᠢᠨ ᠨᠠᠮ ᠤᠨ ᠬᠤᠷᠢᠶᠠᠨ ᠤ ᠱᠦᠵᠢ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠭᠠᠯ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠲᠣᠬᠢᠷᠠᠭᠤᠯᠵᠤ᠂ ᠭᠠᠯ ᠤᠨᠲᠠᠷᠠᠭᠠᠬᠤ ᠡᠳ᠋ ᠪᠣᠳᠠᠰ ᠢ ᠪᠦᠷᠢᠨ ᠪᠡᠯᠡᠳᠬᠡᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃    ᠰᠣᠷᠢᠯᠲᠠ ᠶᠢᠨ ᠲᠤᠬᠠᠶ ᠶᠢᠨ ᠲᠠᠯᠠᠪᠠᠶ ᠳᠤ᠂ ᠣᠶ ᠰᠢᠭᠤᠶ ᠬᠠᠮᠠᠭᠠᠯᠠᠭᠴᠢ ᠠᠴᠠ ᠣᠶ ᠰᠢᠭᠤᠶ ᠶᠢᠨ ᠭᠠᠯ  ᠰᠡᠷᠭᠡᠶᠢᠯᠡᠨ ᠤᠨᠲᠠᠷᠠᠭᠠᠬᠤ ᠣᠨᠴᠠᠯᠢᠭ᠂ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠬᠤᠭᠤᠴᠠᠭᠠᠨ ᠤ ᠭᠠᠯ ᠤᠨᠲᠠᠷᠠᠭᠠᠬᠤ ᠠᠷᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠠᠵᠢᠯᠯᠠᠭᠠᠨ ᠤ ᠶᠠᠪᠤᠴᠠ ᠶᠢ ᠦᠵᠡᠭᠦᠯᠦᠨ ᠲᠠᠶᠢᠯᠪᠤᠷᠢᠯᠠᠪᠠ᠃ ᠳᠠᠷᠠᠭ᠎ᠠ ᠨᠢ᠂ ᠠᠮᠤᠷ ᠲᠦᠪᠰᠢᠨ ᠢᠶᠠᠷ ᠣᠬᠤᠷᠢᠨ ᠭᠠᠷᠬᠤ᠂ ᠦᠯᠡᠳᠡᠭᠰᠡᠨ ᠭᠠᠯ ᠢ ᠴᠡᠪᠡᠷᠯᠡᠬᠦ ᠵᠡᠷᠭᠡ ᠪᠠᠶᠢᠳᠠᠯ ᠤᠨ ᠲᠣᠭᠤᠷᠢᠨ ᠳᠤ ᠰᠣᠷᠢᠯᠲᠠ ᠬᠢᠪᠡ᠃    ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠲᠤ ᠨᠢᠭᠡ ᠤᠳᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ᠂ ᠭᠠᠯ ᠤᠨᠲᠠᠷᠠᠭᠠᠬᠤ ᠪᠠᠶᠢᠯᠳᠤᠬᠤ ᠠᠷᠭ᠎ᠠ ᠶᠢᠨ ᠪᠥᠬᠦ ᠲᠠᠯ᠎ᠠ ᠶᠢᠨ ᠪᠣᠯᠪᠠᠰᠤᠷᠠᠯ ᠢ ᠬᠦᠷᠲᠡᠭᠡᠵᠦ᠂ ᠣᠨᠣᠯ ᠤᠨ ᠮᠡᠳᠡᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠪᠠᠶᠢᠯᠳᠤᠬᠤ ᠠᠷᠭ᠎ᠠ ᠶᠢᠨ ᠤᠷ᠎ᠠ ᠴᠢᠳᠠᠪᠤᠷᠢ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号