ᠰᠠᠯᠪᠤᠷᠢ ᠰᠢᠶᠠᠩ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
     ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ ᠶᠢᠨ ᠲᠥᠯᠥᠭᠡ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠬᠢᠵᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠪᠥᠬᠦ ᠠᠷᠠᠳ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠯᠪᠤᠷᠢ ᠰᠢᠶᠠᠩ ᠬᠠᠷᠢᠶ᠎ᠠ ᠣᠷᠣᠨ ᠳᠠᠭᠠᠨ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃    ᠰᠠᠯᠪᠤᠷᠢ ᠰᠢᠶᠠᠩ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠤᠬᠠᠭᠤᠯᠭ᠎ᠠ ᠬᠢᠵᠦ᠂ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠤᠬᠠᠭᠤᠯᠭ᠎ᠠ ᠶᠢᠨ ᠤᠷᠢᠶ᠎ᠠ ᠯᠣᠽᠦ᠋ᠩ ᠨᠡᠪᠲᠡᠷᠡᠭᠦᠯᠬᠦ᠂ ᠸᠢᠴᠠᠲ ᠤᠨ ᠬᠤᠯᠪᠤᠭ᠎ᠠ ᠪᠠᠷ ᠤᠬᠠᠭᠤᠯᠭ᠎ᠠ ᠶᠢᠨ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠨᠡᠶᠢᠭᠡᠮ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠬᠠᠷᠢᠶ᠎ᠠ ᠣᠷᠣᠨ ᠳᠤ ᠨᠡᠶᠢᠲᠡ 20 ᠭᠠᠷᠤᠶ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠡᠯᠧᠺᠲᠷᠣᠨ ᠳᠡᠯᠭᠡᠴᠡ ᠪᠠᠷ 10 ᠭᠠᠷᠤᠶ ᠵᠤᠷᠪᠤᠰ ᠤᠬᠠᠭᠤᠯᠭ᠎ᠠ ᠶᠢᠨ ᠤᠷᠢᠶ᠎ᠠ ᠯᠣᠽᠦ᠋ᠩ ᠨᠡᠪᠲᠡᠷᠡᠭᠦᠯᠵᠡᠶ᠃ ᠰᠦᠯᠵᠢᠶᠡᠨ ᠭᠠᠳᠠᠨᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠬᠤ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠤᠯᠢ ᠲᠦᠭᠡᠮᠡᠯᠵᠢᠭᠦᠯᠬᠦ᠂ ᠡᠯᠧᠺᠲᠷᠣᠨ ᠳᠡᠯᠭᠡᠴᠡ ᠪᠠᠷ ᠦᠷᠭᠦᠯᠵᠢᠯᠡᠨ ᠤᠬᠠᠭᠤᠯᠬᠤ ᠤᠷᠢᠶ᠎ᠠ ᠯᠣᠽᠦ᠋ᠩ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠴᠢᠨᠠᠷ ᠢ ᠤᠬᠠᠭᠤᠯᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠵᠢᠯᠲᠠᠳ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠺᠠᠳ᠋ᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠤᠯᠠᠨ ᠲᠦᠮᠡᠨ ᠳᠤ ᠭᠠᠵᠢᠭᠤ ᠨᠣᠮᠯᠠᠯ ᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠰᠦᠯᠵᠢᠶᠡᠨ ᠤ ᠠᠮᠤᠷ ᠲᠦᠪᠰᠢᠨ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠠᠮᠢᠳᠤᠯᠢᠭ ᠨᠠᠷᠢᠨ ᠨᠢᠭᠲᠠ ᠲᠠᠨᠢᠯᠴᠠᠭᠤᠯᠵᠤ᠂ ᠤᠯᠤᠰ ᠤᠨ ᠠᠮᠤᠷ ᠲᠦᠪᠰᠢᠨ ᠪᠣᠯᠤᠨ ᠤᠯᠠᠨ ᠲᠦᠮᠡᠨ ᠤ ᠠᠮᠢᠳᠤᠷᠠᠯ ᠨᠢᠭᠲᠠ ᠬᠤᠯᠪᠣᠭ᠎ᠠ ᠲᠠᠢ ᠪᠠᠶᠢᠬᠤ ᠦᠵᠡᠯᠲᠡ ᠶᠢ ᠤᠬᠠᠭᠤᠯᠵᠤ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠠᠵᠢᠯᠯᠠᠭ᠎ᠠ ᠳᠤ ᠨᠡᠶᠢᠳᠡ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠢᠳᠡᠪᠬᠢᠵᠢᠯ ᠢ ᠬᠥᠭᠵᠢᠭᠡᠵᠦ᠂ ᠠᠷᠠᠳ ᠣᠯᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠪᠥᠬᠦ ᠰᠢᠶᠠᠩ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠳᠥᠯᠭᠢᠨ ᠠᠬᠢᠭᠤᠯᠵᠤ᠂ ᠤᠯᠤᠰ ᠤᠨ ᠠᠮᠤᠷ ᠲᠦᠪᠰᠢᠨ ᠤ  ᠬᠡᠷᠡᠮ ᠢ ᠬᠠᠮᠲᠤ ᠪᠠᠷ  ᠪᠠᠲᠤ ᠴᠣᠭᠴᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号