︽ᠭᠤᠷᠪᠠ ᠶᠢ ᠨᠢᠭᠡ ᠴᠣᠭᠴᠠᠵᠢᠭᠤᠯᠬᠤ︾ ᠲᠠᠪᠴᠠᠩ ᠪᠠᠶᠢᠭᠤᠯᠵᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠬᠠᠩᠭᠠᠵᠤ ᠬᠠᠪᠤᠷ ᠤᠨ ᠲᠠᠷᠢᠶᠠᠯᠠᠭ᠎ᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/4/16
     ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨᠢᠬᠠᠨ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠲᠠᠢ ᠤᠶᠠᠯᠳᠤᠭᠤᠯᠤᠨ᠂ ᠦᠢᠯᠡᠴᠢᠯᠡᠭᠡᠨ ᠤ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠩ ᠤᠨ 8 ᠲᠣᠰᠬᠤᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠬᠠᠩᠭᠠᠬᠤ  ᠪᠠᠷ ᠦᠢᠯᠡᠴᠢᠯᠡᠵᠦ᠂ ᠠᠷᠠᠳ ᠤᠯᠠᠨ ᠢ ᠭᠡᠷ ᠠᠴᠠ ᠪᠠᠨ ᠭᠠᠷᠬᠤ ᠦᠭᠡᠢ ᠪᠠᠷ ᠴᠢᠨᠠᠷ ᠰᠠᠶᠢᠲᠠᠢ᠂ ᠪᠣᠳᠠᠲᠠᠢ ᠠᠰᠢᠭ ᠬᠦᠷᠲᠡᠭᠡᠬᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠴᠤ᠂ 2024 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠳᠤ ᠬᠦᠴᠦᠲᠡᠢ ᠪᠠᠲᠤᠯᠠᠭ᠎ᠠ ᠬᠠᠩᠭᠠᠵᠠᠢ᠃    ᠮᠠᠨᠢᠬᠠᠨ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ᠡᠭᠦᠳᠡᠨ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠳᠦᠭᠦᠷᠲᠡᠯ᠎ᠡ ᠲᠡᠭᠡᠭᠡᠭᠰᠡᠨ ᠨᠢᠭᠡᠨ ᠠᠴᠢᠶᠠᠨ ᠤ ᠮᠠᠰᠢᠨ ᠲᠡᠷᠭᠡ ᠵᠣᠭᠰᠣᠵᠤ᠂ ᠠᠵᠢᠯᠴᠢᠳ ᠤᠨ ᠵᠠᠷᠢᠮ ᠨᠢ ᠪᠠᠷᠠᠭ᠎ᠠ ᠪᠠᠭᠤᠯᠭᠠᠬᠤ ᠪᠠᠷ ᠶᠠᠭᠠᠷᠠᠯᠳᠤᠵᠤ᠂ ᠵᠠᠷᠢᠮ ᠨᠢ ᠲᠡᠷᠭᠡᠨ ᠳᠤ ᠲᠡᠭᠡᠭᠡᠬᠦ ᠪᠠᠷ ᠶᠠᠭᠠᠷᠠᠯᠲᠠᠢ ᠪᠠᠶᠢᠳᠠᠯ ᠢᠯᠡᠷᠡᠪᠡ᠃ ︽ᠡᠨᠡ ᠵᠢᠯ ᠮᠠᠨ ᠤ ᠭᠡᠷ 50 ᠮᠦ ᠲᠠᠷᠢᠶᠠᠨ ᠭᠠᠵᠠᠷ ᠲᠠᠷᠢᠵᠠᠢ᠂ ᠪᠤᠢ ᠪᠦᠬᠦᠢ ᠪᠤᠷᠳᠤᠭᠤᠷ ᠢ ᠴᠥᠮ ᠬᠤᠷᠰᠢᠶ᠎ᠠ ᠠᠴᠠ ᠬᠤᠳᠠᠯᠳᠤᠨ ᠠᠪᠤᠭᠰᠠᠨ ᠶᠤᠮ᠂ ᠪᠣᠳᠠᠲᠤ ᠠᠰᠢᠭ ᠬᠦᠷᠳᠡᠭᠰᠡᠨ ᠢᠶᠠᠷ ᠪᠠᠷᠠᠬᠤ ᠦᠭᠡᠢ᠂ ᠪᠠᠰᠠ ᠰᠠᠨᠠᠭ᠎ᠠ ᠠᠮᠤᠷ᠂ ᠡᠨᠡ ᠨᠢ ᠠᠷᠠᠳ ᠤᠯᠠᠨ ᠳᠤ ᠮᠠᠰᠢ ᠰᠠᠶᠢᠨ ᠠᠰᠢᠭᠲᠠᠢ ᠶᠤᠮ︾ ᠭᠡᠵᠦ ᠪᠠᠷᠠᠭ᠎ᠠ ᠲᠡᠭᠡᠭᠡᠵᠦ  ᠪᠠᠶᠢᠭ᠎ᠠ ᠸᠠᠩ ᠠᠪᠠᠭ᠎ᠠ ᠪᠠᠶᠠᠷᠲᠠᠢ ᠬᠡᠯᠡᠨ᠎ᠡ᠃ ᠲᠣᠰ ᠤᠳᠠᠭ᠎ᠠ ᠨᠡᠶᠢᠲᠡ 6 ᠲᠣᠨ ᠬᠢᠮᠢ ᠶᠢᠨ ᠪᠣᠷᠲᠣᠭᠤᠷ ᠴᠤᠭᠯᠠᠭᠤᠯᠵᠤ᠂ ᠮᠠᠨ ᠤ ᠰᠢᠶᠠᠩ ᠤᠨ 8 ᠵᠠᠰᠠᠭ ᠵᠠᠬᠢᠷᠭᠠᠨ ᠤ ᠲᠣᠰᠬᠤᠨ ᠳᠤ ᠰᠢᠭᠤᠳ ᠦᠢᠯᠡᠴᠢᠯᠡᠵᠦ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠠᠷᠢᠶᠠᠴᠢᠨ ᠤ ᠰᠡᠳᠬᠢᠯ ᠢ ᠠᠮᠤᠷᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠠᠮᠤ ᠪᠤᠳᠠᠭ᠎ᠠ ᠳᠠᠷᠢᠬᠤ ᠲᠣᠮᠣ ᠡᠷᠦᠬᠡ ᠶᠢᠨ ᠮᠠᠰᠢ ᠶᠡᠭᠡ ᠥᠪᠡᠷ ᠤᠨ ᠥᠷᠲᠡᠭ ᠢ ᠠᠷᠪᠢᠯᠠᠵᠤ ᠥᠭᠭᠦᠭᠰᠡᠨ ᠪᠠᠶᠢᠨ᠎ᠠ᠃ ᠵᠠᠬᠢᠶᠠᠯᠠᠭ᠎ᠠ ᠶᠢᠨ ᠬᠡᠷᠡᠭᠴᠡᠭᠡ ᠶᠢ ᠦᠨᠳᠦᠰᠦᠯᠡᠪᠡᠯ᠂ ᠵᠠᠯᠭᠠᠭᠠᠳ ᠰᠢᠭᠡᠰᠦᠯᠢᠭ ᠡᠳ᠋ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠠᠯᠭᠠᠭ᠎ᠠ ᠪᠠᠷ ᠬᠦᠷᠴᠦ  ᠢᠷᠡᠨ᠎ᠡ᠃    ᠮᠠᠨᠢᠬᠠᠨ ᠰᠢᠶᠠᠩ ᠤᠨ ᠲᠠᠷᠢᠶᠠᠯᠠᠩ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠪᠣᠯ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ ᠲᠣᠯᠢᠯᠠᠭᠤᠯᠬᠤ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠬᠠᠩᠭᠠᠬᠤ ᠠᠵᠢᠯ ᠢ ᠳᠥᠯᠭᠢᠨ ᠠᠬᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠤᠨ ᠥᠪᠡᠷ ᠤᠨ ᠥᠷᠲᠡᠭ᠂ ᠦᠢᠯᠡᠳᠪᠦᠷᠢᠯᠡᠯ ᠤᠨ ᠲᠦᠭᠰᠢᠭᠦᠷᠢ ᠶᠢ ᠪᠠᠭᠤᠷᠠᠭᠤᠯᠵᠤ᠂ ᠣᠯᠠᠨ ᠲᠦᠮᠡᠨ ᠢ ᠵᠣᠷᠢᠭᠵᠢᠭᠤᠯᠤᠨ ᠬᠠᠪᠰᠤᠷᠤᠨ ᠠᠵᠤ ᠦᠢᠯᠡᠰ ᠢ ᠨᠠᠩ ᠰᠠᠶᠢᠲᠤᠷ ᠬᠥᠭᠵᠢᠭᠦᠯᠵᠦ᠂ ᠲᠠᠪᠴᠠᠩ ᠳᠤ ᠲᠦᠰᠢᠭᠯᠡᠨ ᠥᠷᠨᠢᠭᠦᠯᠦᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠬᠠᠩᠭᠠᠬᠤ ᠦᠢᠯᠡᠴᠢᠯᠡᠭᠡ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠭᠦᠨ ᠢ ᠥᠪᠡᠰᠦᠪᠡᠨ ᠡᠵᠡᠨ ᠮᠡᠳᠡᠵᠦ ᠰᠣᠩᠭᠤᠬᠤ᠂ ᠬᠤᠷᠰᠢᠶ᠎ᠠ ᠶᠢ ᠨᠢᠭᠡᠳᠦᠯᠲᠡᠶ ᠬᠠᠭᠤᠳᠠᠰᠤ ᠨᠠᠭᠠᠬᠤ᠂ ᠠᠵᠤ ᠠᠬᠤᠶᠢᠯᠠᠯ ᠢ ᠰᠢᠭᠤᠳ ᠲᠣᠰᠬᠤᠨ ᠳᠤ ᠬᠦᠷᠭᠡᠬᠦ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠲᠣᠰᠬᠤᠨ ᠠᠴᠠ ᠭᠠᠷᠬᠤ ᠦᠭᠡᠢ ᠪᠠᠷ ᠶᠠᠰᠤ ᠴᠢᠨᠠᠷ ᠤᠨ ᠪᠠᠲᠤᠯᠠᠭ᠎ᠠ ᠲᠠᠢ᠂ ᠠᠳᠠᠯᠢ ᠬᠤᠭᠤᠴᠠᠭᠠᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠦᠨ᠎ᠡ ᠬᠠᠩᠰᠢ ᠠᠴᠠ ᠳᠣᠤᠷ᠎ᠠ ᠪᠠᠶᠢᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠣᠯᠵᠤ ᠳᠡᠶᠢᠯᠬᠦ ᠡᠰᠡᠬᠦ ᠶᠢ ᠪᠡᠶᠡᠯᠡᠭᠦᠯᠦᠨ᠎ᠡ᠃    ᠮᠠᠨᠢᠬᠠᠨ ᠰᠢᠶᠠᠩ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠬᠢᠭᠡᠳ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨ ᠬᠦ ᠠᠷᠪᠢᠯᠠᠵᠤ᠂ ᠲᠠᠷᠢᠶᠠᠴᠢᠳ ᠤᠨ ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠢ ᠴᠡᠴᠡᠭᠯᠡᠭᠦᠯᠦᠨ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠡᠮᠡᠴᠡᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号