ᠵᠢᠶᠠᠨ ᠫᠢᠩ ᠱᠧᠩ ᠳ᠋ᠠ ᠠᠵᠤ ᠦᠢᠯᠡᠰ ᠤᠨ ᠪᠡᠯᠡ ᠣᠷᠣᠭᠤᠯᠤᠯᠲᠠ 1 ᠳ᠋ᠦᠩᠰᠢᠭᠤᠷ ᠲᠥᠭᠦᠷᠢᠭ ᠲᠤ ᠬᠦᠷᠴᠦ ᠬᠦᠷᠢᠶᠡᠯᠡᠩ ᠲᠣᠭᠤᠷᠢᠭ ᠲᠤ  ᠣᠷᠤᠩᠨᠠᠨ ᠰᠠᠭᠤᠪᠠ
ᠨᠡᠶᠢᠲᠡᠯᠡᠭᠰᠡᠨ ᠴᠠᠭ᠄
2024/4/16
       2024 ᠣᠨ ᠤ 4 ᠰᠠᠷ᠎ᠠ ᠶᠢᠨ 3 ᠤ ᠡᠳᠦᠷ᠂ ᠵᠢᠶᠠᠨ ᠫᠢᠩ ᠱᠧᠩ ᠳ᠋ᠡ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠳᠠᠯᠳᠤᠨ ᠠᠪᠤᠭᠰᠠᠨ ᠠᠤᠬᠠᠨ ᠤ ᠱᠧᠩ ᠴᠢᠶᠠᠩ ᠱᠦᠢᠨᠢ  ᠴᠠᠬᠢᠯᠭᠠᠨ ᠪᠠᠭᠠᠨ᠎ᠠ ᠶᠢᠨ ᠬᠢᠵᠠᠭᠠᠷᠲᠤ ᠺᠣᠮᠫᠠᠨᠢ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠯᠤᠭ᠎ᠠ ᠪᠠᠯᠠ ᠣᠷᠣᠭᠤᠯᠤᠯᠲᠠ ᠶᠢᠨ ᠭᠡᠷ᠎ᠡ ᠲᠣᠭᠲᠠᠭᠰᠠᠨ ᠨᠢ ᠲᠣᠰ ᠺᠣᠮᠫᠠᠨᠢ ᠵᠢᠩᠬᠢᠨᠢ ᠪᠠᠷ ᠠᠤᠬᠠᠨ ᠳᠤ ᠣᠷᠤᠩᠨᠠᠨ  ᠰᠠᠭᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃    ᠠᠤᠬᠠᠨ ᠤ ᠱᠧᠩ ᠴᠢᠶᠠᠩ ᠱᠦᠢᠨᠢ  ᠴᠠᠬᠢᠯᠭᠠᠨ ᠪᠠᠭᠠᠨ᠎ᠠ ᠶᠢᠨ ᠬᠢᠵᠠᠭᠠᠷᠲᠤ ᠺᠣᠮᠫᠠᠨᠢ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠪᠠᠶᠢᠵᠤ᠂ ᠭᠤᠣᠯᠳᠠᠭᠤ ᠵᠢᠯ ᠳᠤ 1 ᠲᠦᠮᠡᠨ ᠲᠣᠨ ᠲᠡᠮᠦᠷ ᠰᠤᠪᠤᠷᠭ᠎ᠠ ᠶᠢᠨ ᠪᠣᠯᠣᠳ ᠬᠤᠭᠤᠯᠠᠶ ᠶᠢᠨ ᠪᠠᠭᠠᠨ᠎ᠠ ᠶᠢᠨ ᠳᠠᠭᠠᠯᠳᠤᠭᠤᠯᠤᠯ᠂ 3 ᠲᠦᠮᠡᠨ ᠰᠠᠭᠤᠷᠢ ᠤᠰᠤᠨ ᠪᠠᠭᠠᠨ᠎ᠠ ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠭᠤᠣᠯᠳᠠᠭᠤ ᠴᠠᠬᠢᠯᠭᠠᠨ ᠲᠡᠮᠦᠷ ᠰᠤᠪᠤᠷᠭ᠎ᠠ᠂ ᠪᠣᠯᠣᠳ ᠬᠤᠭᠤᠯᠠᠶ ᠶᠢᠨ ᠪᠠᠭᠠᠨ᠎ᠠ᠂ ᠲᠡᠮᠦᠷ ᠵᠠᠮ ᠤᠨ ᠳᠠᠭᠠᠯᠳᠤᠭᠤᠯᠤᠯ ᠪᠠ ᠦᠨᠳᠦᠰᠦᠨ ᠱᠦᠢᠨᠢ ᠶᠢᠨ ᠪᠠᠭᠠᠨ᠎ᠠ ᠵᠡᠷᠭᠡ ᠶᠢ ᠦᠢᠯᠡᠳᠪᠦᠷᠢᠯᠡᠵᠦ ᠡᠵᠡᠩᠨᠡᠨ᠎ᠡ᠃ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 2 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ᠂ 3000 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 100 ᠬᠥᠮᠦᠨ ᠳᠤ ᠠᠵᠢᠯ ᠣᠯᠭᠤᠨ᠎ᠠ᠃    ᠣᠶᠢᠯᠠᠭᠠᠭᠰᠠᠨ ᠢᠶᠠᠷ᠂ ᠵᠢᠶᠠᠨ ᠫᠢᠩ ᠱᠧᠩ ᠳ᠋ᠡ ᠠᠵᠤ ᠦᠢᠯᠡᠰ ᠤᠨ ᠬᠢᠵᠠᠭᠠᠷᠲᠤ ᠺᠣᠮᠫᠠᠨᠢ ᠬᠤᠨᠠᠨ ᠤ  ᠠᠷᠠᠯᠵᠢᠶᠠᠴᠢᠨ ᠪᠠᠯᠠ ᠣᠷᠣᠭᠤᠯᠵᠤ᠂ 2005 ᠣᠨ ᠳᠤ ᠪᠠᠶᠢᠭᠤᠯᠤᠭᠳᠠᠪᠠ᠃ 20 ᠰᠢᠬᠠᠮ ᠵᠢᠯ ᠤᠨ ᠬᠥᠭᠵᠢᠯᠲᠡ ᠪᠠᠷ ᠳᠠᠮᠵᠢᠨ᠂ ᠵᠢᠶᠠᠨ ᠫᠢᠩ ᠱᠧᠩ ᠳ᠋ᠠ ᠠᠵᠤ ᠦᠢᠯᠡᠰ ᠤᠨ ᠬᠢᠵᠠᠭᠠᠷᠲᠤ ᠺᠣᠮᠫᠠᠨᠢ ᠴᠤᠤᠶᠠᠩ ᠳᠤ ᠨᠢᠭᠡᠨᠲᠡ 4 ᠺᠣᠮᠫᠠᠨᠢ ᠪᠣᠯᠤᠨ ᠬᠥᠭᠵᠢᠵᠦ᠂ ᠤᠯᠤᠰ ᠤᠨ ᠴᠠᠬᠢᠯᠭᠠᠨ ᠲᠣᠣᠷᠵᠢᠯ᠂ ᠲᠡᠮᠦᠷ ᠰᠤᠪᠤᠷᠭ᠎ᠠ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢᠨ ᠲᠣᠭᠤᠷᠢᠨ ᠳᠤ ᠵᠠᠬ᠎ᠠ ᠳᠡᠯᠭᠡᠭᠦᠷ ᠨᠡᠭᠡᠭᠡᠵᠦ᠂ ᠭᠤᠣᠯᠳᠠᠭᠤ ᠯᠢᠶᠣᠤᠨᠢᠩ᠂ ᠾᠧᠪᠸᠢ᠂ ᠥᠪᠥᠷ ᠮᠣᠩᠭᠤᠯ ᠵᠡᠷᠭᠡ ᠭᠠᠵᠠᠷ ᠣᠷᠣᠨ ᠳᠤ ᠬᠠᠨᠳᠤᠭᠤᠯᠤᠭᠰᠠᠨ ᠪᠠᠶᠢᠨ᠎ᠠ᠃ ᠱᠧᠩ ᠳ᠋ᠠ ᠺᠣᠮᠫᠠᠨᠢ ᠠᠤᠬᠠᠨ ᠬᠤᠰᠢᠭᠤᠨ ᠳᠠᠬᠢ ᠪᠠᠶᠢᠷᠢᠰᠢᠭᠤᠯᠤᠯ ᠨᠢ ᠭᠤᠣᠯᠳᠠᠭᠤ ᠤᠯᠤᠰ ᠤᠨ ᠴᠠᠬᠢᠯᠭᠠᠨ ᠲᠣᠣᠷᠵᠢᠯ ᠢ ᠥᠭᠡᠷᠡᠴᠢᠯᠡᠬᠦ ᠪᠠ ᠥᠪᠥᠷ ᠮᠣᠩᠭᠤᠯ ᠤᠨ ᠰᠠᠯᠬᠢᠨ ᠬᠦᠴᠦᠨ ᠤ ᠴᠠᠬᠢᠯᠭᠠᠨ ᠢ ᠨᠡᠭᠡᠭᠡᠬᠦ ᠠᠵᠠ ᠲᠣᠬᠢᠶᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠵᠡᠭᠦᠨ ᠬᠡᠰᠡᠭ ᠤᠨ ᠵᠠᠬ᠎ᠠ ᠳᠡᠯᠭᠡᠭᠦᠷ ᠢ ᠡᠵᠡᠯᠡᠵᠦ᠂  ᠭᠢᠷᠢᠨ᠂  ᠬᠠᠷᠠᠮᠥ᠋ᠷᠡᠨ  ᠂ ᠯᠢᠶᠣᠣᠨᠢᠩ ᠵᠡᠷᠭᠡ ᠵᠠᠬ᠎ᠠ ᠳᠡᠯᠭᠡᠭᠦᠷ ᠢ ᠥᠷᠭᠡᠳᠬᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号