ᠠᠤᠬᠠᠨ ᠬᠤᠰᠢᠭᠤ ᠶᠢᠰᠦᠳᠦᠭᠡᠷ ᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
         2024 ᠣᠨ ᠤ 4 ᠰᠠᠷ᠎ᠠ ᠶᠢᠨ 15 ᠤ ᠡᠳᠦᠷ ᠪᠣᠯ ᠶᠢᠰᠦᠳᠦᠭᠡᠷ ᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠠᠯᠪᠠᠨ ᠬᠡᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠣᠷᠤᠢ ᠶᠢᠨ ᠰᠦᠮ᠎ᠡ ᠰᠤᠮᠤ ᠶᠢᠨ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 2024 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\1.jpg
    ᠲᠣᠰ ᠤᠳᠠᠭᠠᠨ ᠤ ᠠᠵᠢᠯᠯᠠᠭ᠎ᠠ ᠨᠢ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ 10 ᠵᠢᠯ ᠤᠨ ᠣᠶ ᠶᠢ ᠬᠥᠲᠥᠯᠥᠨ ᠳᠠᠭᠠᠭᠤᠯᠬᠤ︾ ᠪᠠᠷ ᠭᠤᠤᠯ ᠰᠡᠳᠦᠪ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠲᠠᠪᠴᠠᠩ ᠢ ᠮᠠᠯᠵᠢᠬᠤ ᠣᠷᠣᠨ ᠳᠤ ᠲᠠᠯᠪᠢᠵᠤ᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠮᠠᠯᠴᠢᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠹᠢᠯᠢᠮ ᠢ ᠦᠵᠡᠭᠦᠯᠬᠦ ᠶᠢᠨ ᠬᠠᠮᠲᠤ ᠮᠠᠯᠴᠢᠳ ᠲᠤ ᠤᠬᠠᠭᠤᠯᠭ᠎ᠠ ᠶᠢᠨ ᠮᠠᠲ᠋ᠧᠷᠢᠶᠠᠯ 1000 ᠭᠠᠷᠤᠶ ᠬᠤᠪᠢ ᠲᠠᠷᠬᠠᠭᠠᠵᠤ᠂ ᠤᠯᠤᠰ ᠤᠨ ᠠᠮᠤᠷ ᠲᠦᠪᠰᠢᠨ ᠤ ᠲᠠᠯ᠎ᠠ ᠪᠠᠷ ᠬᠢ ᠬᠤᠯᠪᠣᠭᠳᠠᠯ ᠪᠥᠬᠦᠶ ᠮᠡᠳᠡᠯᠭᠡ ᠶᠢ ᠮᠠᠯᠴᠢᠳ ᠤᠨ ᠳᠡᠷᠭᠡᠳᠡ ᠬᠦᠷᠭᠡᠵᠦ᠂ ︽ᠤᠯᠤᠰ ᠤᠨ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠪᠠ᠃
C:\Users\Administrator\Desktop\2.jpg
    ᠬᠤᠰᠢᠭᠤᠨ ᠤ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠰᠦᠷᠳᠡᠭᠦᠯᠦᠯ ᠤᠨ ᠦᠵᠡᠯ ᠢ ᠡᠰᠡᠷᠭᠦᠴᠡᠬᠦ ᠬᠠᠤᠯᠢ︾᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠦᠷᠢᠶᠡᠨ ᠳᠠᠬᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠤᠯᠤᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠮᠠᠰᠢ ᠤᠯᠠᠨ ᠠᠷᠠᠳ ᠲᠦᠮᠡᠨ ᠤᠬᠠᠭᠤᠯᠭ᠎ᠠ ᠶᠢᠨ ᠰᠠᠮᠪᠠᠷ᠎ᠠ ᠶᠢᠨ ᠡᠮᠦᠨ᠎ᠡ ᠵᠣᠭᠰᠣᠨ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠠᠭᠤᠯᠭ᠎ᠠ ᠶᠢ ᠨᠠᠷᠢᠨ ᠬᠢᠨᠠᠮᠠᠭᠠᠢ ᠦᠵᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠤ  ᠵᠢᠱᠢᠶᠡᠴᠢ ᠰᠠᠬᠢᠬᠴᠢ ᠪᠠ ᠡᠷᠡᠰ ᠬᠠᠮᠠᠭᠠᠯᠠᠭᠴᠢ ᠪᠣᠯᠤᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号