| ᠣᠶ ᠰᠢᠭᠤᠶ ᠨᠤᠲᠤᠭ ᠪᠡᠯᠴᠢᠭᠡᠷ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠦᠷᠭᠡᠨ ᠲᠤᠰᠬᠠᠯ ᠭᠠᠷᠭᠠᠬᠤ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠷᠤᠢ ᠶᠢᠨ | ᠰᠦᠮ᠎ᠡ ᠰᠤᠮᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠤᠳᠤᠷᠢᠳᠬᠤ ᠪᠠᠭ ᠤᠨ ᠭᠡᠰᠢᠭᠦᠨ᠂ ᠠᠯᠪᠠᠨ ᠪᠠᠶᠢᠭᠤᠯᠭ᠎ᠠ᠂ ᠥᠷᠲᠡᠭᠡ | ᠭᠠᠵᠠᠷ ᠤᠨ ᠪᠥᠬᠦ ᠠᠵᠢᠯᠲᠠᠨ᠂ ᠡᠯ᠎ᠡ ᠭᠠᠴᠠᠭᠠᠨ ᠤ ᠺᠠᠳ᠋ᠷ ᠵᠢᠴᠢ ᠭᠠᠯ ᠰᠡᠷᠭᠡᠶᠢᠯᠡᠨ ᠤᠨᠲᠠᠷᠠᠭᠠᠬᠤ ᠭᠡᠰᠢᠭᠦᠨ᠂ ᠭᠠᠴᠠᠭᠠᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠶᠢᠨ | ᠭᠡᠰᠢᠭᠦᠨ᠂ ᠭᠠᠴᠠᠭᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ | ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠰᠤᠮᠤ ᠶᠢᠨ ᠨᠠᠮ ᠤᠨ ᠬᠤᠷᠢᠶᠠᠨ ᠤ ᠱᠦᠵᠢ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠣᠶ ᠰᠢᠭᠤᠶ ᠶᠢᠨ ᠭᠠᠯ | ᠰᠡᠷᠭᠡᠶᠢᠯᠡᠨ ᠤᠨᠲᠠᠷᠠᠭᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ︔ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠭᠠᠯ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠲᠣᠬᠢᠷᠠᠭᠤᠯᠵᠤ᠂ ᠭᠠᠯ | ᠤᠨᠲᠠᠷᠠᠭᠠᠬᠤ ᠡᠳ᠋ ᠪᠣᠳᠠᠰ ᠢ ᠪᠦᠷᠢᠨ ᠪᠡᠯᠡᠳᠬᠡᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ | ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠰᠣᠷᠢᠯᠲᠠ ᠶᠢᠨ ᠲᠤᠬᠠᠶ ᠶᠢᠨ ᠲᠠᠯᠠᠪᠠᠶ ᠳᠤ᠂ ᠣᠶ ᠰᠢᠭᠤᠶ ᠬᠠᠮᠠᠭᠠᠯᠠᠭᠴᠢ ᠠᠴᠠ ᠣᠶ ᠰᠢᠭᠤᠶ ᠶᠢᠨ ᠭᠠᠯ ᠰᠡᠷᠭᠡᠶᠢᠯᠡᠨ | ᠤᠨᠲᠠᠷᠠᠭᠠᠬᠤ ᠣᠨᠴᠠᠯᠢᠭ᠂ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠬᠤᠭᠤᠴᠠᠭᠠᠨ ᠤ ᠭᠠᠯ ᠤᠨᠲᠠᠷᠠᠭᠠᠬᠤ ᠠᠷᠭ᠎ᠠ | ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠭᠠᠯ | ᠤᠨᠲᠠᠷᠠᠭᠠᠬᠤ ᠪᠠᠭᠠᠵᠢ ᠬᠡᠷᠡᠭᠰᠡᠯ ᠤᠨ ᠠᠵᠢᠯᠯᠠᠭᠠᠨ ᠤ ᠶᠠᠪᠤᠴᠠ ᠶᠢ ᠦᠵᠡᠭᠦᠯᠦᠨ ᠲᠠᠶᠢᠯᠪᠤᠷᠢᠯᠠᠪᠠ᠃ ᠳᠠᠷᠠᠭ᠎ᠠ ᠨᠢ᠂ ᠠᠮᠤᠷ | ᠲᠦᠪᠰᠢᠨ ᠢᠶᠠᠷ ᠣᠬᠤᠷᠢᠨ ᠭᠠᠷᠬᠤ᠂ ᠦᠯᠡᠳᠡᠭᠰᠡᠨ ᠭᠠᠯ ᠢ ᠴᠡᠪᠡᠷᠯᠡᠬᠦ ᠵᠡᠷᠭᠡ ᠪᠠᠶᠢᠳᠠᠯ ᠤᠨ ᠲᠣᠭᠤᠷᠢᠨ ᠳᠤ ᠰᠣᠷᠢᠯᠲᠠ ᠬᠢᠪᠡ | ᠃ | ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠲᠤ ᠨᠢᠭᠡ ᠤᠳᠠᠭᠠᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ᠂ ᠭᠠᠯ ᠤᠨᠲᠠᠷᠠᠭᠠᠬᠤ ᠪᠠᠶᠢᠯᠳᠤᠬᠤ | ᠠᠷᠭ᠎ᠠ ᠶᠢᠨ ᠪᠥᠬᠦ ᠲᠠᠯ᠎ᠠ ᠶᠢᠨ ᠪᠣᠯᠪᠠᠰᠤᠷᠠᠯ ᠢ ᠬᠦᠷᠲᠡᠭᠡᠵᠦ᠂ ᠣᠨᠣᠯ ᠤᠨ ᠮᠡᠳᠡᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠨ | ᠂ ᠪᠠᠶᠢᠯᠳᠤᠬᠤ ᠠᠷᠭ᠎ᠠ ᠶᠢᠨ ᠤᠷ᠎ᠠ ᠴᠢᠳᠠᠪᠤᠷᠢ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |