ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠠᠨ ᠤ ᠬᠤᠰᠢᠭᠤᠨ ᠳᠤ ᠭᠦᠨᠵᠡᠭᠡᠶᠢᠷᠡᠨ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ︽ᠡᠷᠬᠢᠨ ᠬᠠᠷᠠᠬᠤ︾ ᠬᠢᠨᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/17
     ︽︿ᠤᠯᠠᠭᠠᠨᠬᠠᠳᠠ ᠬᠤᠲᠠ ᠶᠢᠨ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ︽ᠡᠷᠭᠢᠨ ᠬᠠᠷᠠᠬᠤ︾ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠠᠳᠠ ᠬᠤᠲᠠ ᠶᠢᠨ ᠮᠡᠳᠡᠭᠳᠡᠯ ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 16 ᠤ ᠡᠳᠦᠷ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠲᠥᠪ ᠤᠨ ᠳᠡᠳ᠋ ᠡᠷᠬᠢᠯᠡᠭᠴᠢ ᠬᠤᠸᠠᠩ ᠬᠠᠢ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ︽ᠡᠷᠬᠢᠨ ᠬᠠᠷᠠᠬᠤ︾ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃    ᠵᠢᠯᠣᠭᠤᠳᠬᠤ ᠳᠤᠭᠤᠶᠢᠯᠠᠩ ᠤᠨ ᠬᠢᠨ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠪᠠᠶᠢᠭᠤᠯᠤᠮᠵᠢ ᠶᠢ ᠬᠢᠨᠠᠨ ᠰᠢᠯᠭᠠᠬᠤ ᠠᠷᠭ᠎ᠠ︾ ᠵᠢᠴᠢ ᠬᠢᠨᠠᠨ ᠲᠣᠭᠲᠠᠭᠠᠬᠤ ᠨᠠᠷᠢᠨ ᠲᠦᠷᠢᠮ ᠳᠤ ᠴᠢᠭᠯᠡᠭᠦᠯᠦᠨ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠲᠥᠪ ᠤᠨ ᠲᠤᠷᠰᠢᠯᠲᠠ ᠶᠢᠨ ᠲᠠᠰᠤᠭ ᠲᠤ ᠬᠦᠷᠴᠦ ᠪᠠᠶᠢᠴᠠᠭᠠᠨ ᠰᠢᠯᠭᠠᠬᠤ ᠣᠷᠴᠢᠨ ᠲᠣᠭᠤᠷᠢᠨ᠂ ᠬᠡᠮᠵᠢᠭᠦᠷᠯᠢᠭ ᠲᠥᠬᠦᠭᠡᠷᠦᠮᠵᠢ ᠶᠢ ᠬᠡᠷᠡᠭᠯᠡᠬᠦ ᠨᠣᠷᠮ᠎ᠠ᠂ ᠪᠠᠶᠢᠴᠠᠭᠠᠨ ᠰᠢᠯᠭᠠᠬᠤ ᠠᠵᠢᠯᠲᠠᠳ ᠬᠡᠷᠡᠭᠯᠡᠬᠦ ᠶᠢ ᠴᠠᠭᠠᠵᠠᠯᠠᠭᠰᠠᠨ ᠡᠮ ᠤᠨ ᠨᠡᠷᠡᠰ ᠤᠨ ᠵᠢᠭᠰᠠᠭᠠᠯᠲᠠ᠂ ᠲᠦᠷᠭᠡᠨ ᠬᠡᠮᠵᠢᠯᠲᠡ ᠶᠢᠨ ᠮᠡᠷᠭᠡᠵᠢᠯ ᠤᠨ ᠠᠷᠭ᠎ᠠ ᠶᠢ ᠰᠠᠶᠢᠨ ᠡᠵᠡᠮᠰᠢᠭᠰᠡᠨ ᠡᠰᠡᠬᠦ ᠵᠡᠷᠭᠡ ᠠᠭᠤᠯᠭ᠎ᠠ ᠳᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠠᠶᠢᠴᠠᠭᠠᠯᠲᠠ ᠬᠢᠭᠰᠡᠨ ᠪᠥᠭᠡᠳ ᠲᠠᠩᠰᠠ ᠡᠪᠬᠡᠮᠡᠯ ᠤᠨ ᠮᠠᠲ᠋ᠧᠷᠢᠶᠠᠯ ᠳᠤ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠰᠢᠯᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠣᠰ ᠤᠳᠠᠭᠠᠨ ᠤ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ︽ᠡᠷᠭᠢᠵᠦ ᠬᠠᠷᠠᠬᠤ︾ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠨᠢ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠦ᠂ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号