ᠠᠤᠬᠠᠨ ᠬᠤᠰᠢᠭᠤ ᠪᠥᠬᠦ ᠬᠤᠰᠢᠭᠤᠨ ᠤ ︽ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠤᠯ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/17
       4 ᠰᠠᠷ᠎ᠠ ᠶᠢᠨ 15 ᠤ ᠡᠳᠦᠷ᠂ ᠪᠥᠬᠦ ᠬᠤᠰᠢᠭᠤᠨ ᠤ ︽ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠤᠯ ᠰᠡᠳᠦᠪᠲᠦ ᠪᠣᠯᠪᠠᠰᠤᠷᠠᠯ ᠤᠨ ᠠᠩᠭᠢ ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠭᠠᠵᠠᠷ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃
C:\Users\Administrator\Desktop\1.jpg   
    ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠭᠦᠸᠧ ᠢᠦᠢ ᠯᠢᠩ ᠬᠢᠴᠢᠶᠡᠯ ᠣᠷᠣᠬᠤ ᠪᠠᠭᠰᠢ ᠨᠠᠷ ᠲᠤ ᠯᠧᠺᠲ᠋ᠣᠷ ᠤᠨ ᠤᠷᠢᠯᠭ᠎ᠠ ᠶᠢᠨ ᠪᠢᠴᠢᠭ ᠭᠠᠷᠳᠠᠭᠤᠯᠪᠠ᠃ ᠠᠵᠢᠯᠯᠠᠭ᠎ᠠ ᠶᠢᠨ ᠳᠤᠮᠳᠠ ᠪᠠᠰᠠ ᠲᠤᠬᠠᠶ ᠶᠢᠨ ᠲᠠᠯᠠᠪᠤᠷ ᠲᠤ ᠬᠢᠴᠢᠶᠡᠯ ᠣᠷᠣᠬᠤ᠂ ᠤᠷᠠᠨ ᠰᠠᠶᠢᠬᠠᠨ ᠤ ᠲᠣᠭᠯᠠᠯᠲᠠ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠭᠠᠷ ᠳᠡᠪᠲᠡᠷ᠂ ᠦᠬᠡᠷ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠬᠠᠮᠢᠶ᠎ᠠ ᠪᠥᠬᠦᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠩᠰᠢᠬᠤ ᠪᠢᠴᠢᠭ ᠢ ᠲᠠᠷᠬᠠᠭᠠᠪᠠ᠃    ᠭᠦᠸᠧ ᠢᠦᠢ ᠯᠢᠩ ᠶᠠᠷᠢᠶᠠᠨ ᠳᠠᠭᠠᠨ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠦᠵᠡᠯ ᠰᠠᠨᠠᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠬᠢᠬᠦ ᠪᠣᠯ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢᠨ ᠤᠷᠢᠲᠠᠯ ᠪᠣᠯᠤᠨ᠎ᠠ᠃ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠰᠠᠭᠤᠷᠢ᠂ ᠬᠠᠮᠤᠭ ᠤᠨ ᠪᠠᠲᠤ ᠪᠠᠬᠢ ᠬᠦᠴᠦᠨ ᠮᠥᠨ᠂ ᠴᠢᠳᠠᠪᠤᠷᠢ ᠪᠣᠯᠤᠨ ᠲᠦᠪᠰᠢᠨ ᠤ ᠳᠡᠭᠡᠭᠰᠢᠯᠡᠯᠲᠡ ᠨᠢ ᠬᠥᠳᠡᠭᠡ ᠲᠣᠰᠬᠤᠨ ᠤ ᠢᠷᠡᠭᠡᠳᠦᠢ ᠶᠢᠨ ᠬᠥᠭᠵᠢᠯᠲᠡ ᠲᠠᠢ ᠬᠤᠯᠪᠣᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ ᠡᠰᠡᠬᠦ ᠲᠠᠢ ᠬᠤᠯᠪᠣᠭᠳᠠᠨ᠎ᠠ᠃ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠤᠰᠬᠠᠢ ᠮᠡᠷᠭᠡᠵᠢᠯᠲᠡᠨ ᠤ ᠬᠢᠴᠢᠶᠡᠯ ᠣᠷᠣᠬᠤ ᠳᠤᠮᠳᠠ ᠤᠨᠤᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠰᠤᠷᠤᠯᠴᠠᠨ ᠰᠣᠯᠢᠯᠴᠠᠬᠤ ᠳᠤᠮᠳᠠ ᠦᠵᠡᠯ ᠰᠠᠨᠠᠭᠠᠨ  ᠪᠠᠨ ᠶᠠᠷᠢᠯᠴᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠬᠦᠲᠦᠯᠦᠨ ᠳᠠᠭᠠᠭᠤᠯᠬᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ  ᠳᠠᠭᠠᠭᠤᠯᠤᠭᠴᠢ ᠪᠣᠯᠵᠤ ᠂ ᠨᠡᠶᠢᠲᠡ ᠶᠢᠨ ᠡᠮᠬᠢ ᠵᠢᠷᠦᠮ ᠪᠠ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠤᠨ ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠬᠥᠮᠦᠵᠢᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃
C:\Users\Administrator\Desktop\2.jpg
    ᠲᠣᠰ ᠤᠳᠠᠭᠠᠨ ᠤ  ᠪᠣᠯᠪᠠᠰᠤᠷᠠᠯ ᠨᠢ ︽ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ ᠭᠤᠤᠯ ᠰᠡᠳᠦᠪ ᠪᠣᠯᠭᠠᠵᠤ᠂ ᠬᠠᠮᠢᠶ᠎ᠠ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ᠂ ᠫᠷᠤᠹᠧᠰᠰᠤᠷ ᠢ ᠤᠷᠢᠵᠤ ᠪᠣᠯᠪᠠᠰᠤᠨ ᠢ ᠡᠭᠦᠳᠦᠨ ᠪᠠᠶᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠬᠥᠮᠦᠵᠢᠭᠦᠯᠬᠦ ᠪᠠᠷ ᠭᠠᠷᠳᠠᠴᠠ ᠪᠣᠯᠭᠠᠨ ᠦᠨᠳᠦᠰᠦᠨ ᠱᠠᠲᠤᠨ ᠤ ᠺᠠᠳ᠋ᠷ᠂ ᠲᠤᠰᠬᠠᠶ ᠮᠡᠷᠭᠡᠵᠢᠯ ᠤᠨ ᠠᠵᠢᠯᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠂ ᠨᠠᠮ ᠤᠨ ᠭᠡᠰᠢᠭᠦᠨ ᠤ ᠲᠥᠯᠥᠭᠡᠯᠡᠭᠴᠢ᠂ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠵᠡᠷᠭᠡ ᠬᠥᠮᠦᠰ ᠲᠤ ᠤᠬᠠᠭᠤᠯᠤᠨ ᠲᠠᠶᠢᠯᠪᠤᠷᠢᠯᠠᠬᠤ ᠵᠢᠭᠠᠨ ᠰᠤᠷᠭᠠᠯᠲᠠ ᠬᠢᠯᠭᠡᠵᠦ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃    ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠰᠦᠨ ᠰᠢᠶᠤᠤ ᠯᠢ᠄ ᠥᠨᠥᠳᠦᠷ ᠪᠢ ᠣᠯᠠᠨ ᠲᠠᠢ ᠬᠠᠮᠲᠤ ᠪᠠᠷ ᠬᠤᠪᠢᠶᠠᠯᠴᠠᠬᠤ ᠠᠭᠤᠯᠭ᠎ᠠ ᠪᠣᠯ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠠᠪᠤᠳᠠᠯ ᠪᠣᠯᠤᠨ᠎ᠠ᠂ ᠪᠢ ᠶᠠᠭᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠤᠭᠴᠠᠯᠠᠬᠤ ᠭᠤᠷᠪᠠᠨ ᠲᠠᠯ᠎ᠠ ᠪᠠᠷ ᠣᠯᠠᠨ ᠲᠠᠢ ᠬᠤᠪᠢᠶᠠᠯᠴᠠᠭᠰᠠᠨ ᠶᠤᠮ᠂ ᠲᠡᠭᠦᠨ ᠤ ᠵᠣᠷᠢᠯᠭ᠎ᠠ ᠨᠢ   ᠰᠤᠷᠤᠭᠴᠢᠳ ᠲᠤ ᠮᠠᠨ ᠤ ᠦᠨᠳᠦᠰᠦᠲᠡᠨ ᠨᠦᠭᠦᠳ ᠤᠨ ᠬᠤᠭᠤᠷᠣᠨᠳᠣ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠷᠢᠴᠠᠭ᠎ᠠ ᠪᠣᠯᠬᠤ ᠶᠢ ᠣᠶᠢᠯᠠᠭᠠᠭᠤᠯᠵᠤ᠂ ᠢᠷᠡᠭᠡᠳᠦᠶ ᠶᠢᠨ ᠤᠯᠤᠰ ᠤᠨ ᠬᠥᠭᠵᠢᠯᠲᠡ ᠳᠡᠭᠡᠷ᠎ᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠦᠴᠦᠨ ᠢ ᠪᠦᠷᠢᠯᠳᠦᠭᠦᠯᠬᠦ ᠪᠣᠯᠤᠨ᠎ᠠ ᠭᠡᠪᠡ᠃
C:\Users\Administrator\Desktop\3.jpg
    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠂ ᠲᠣᠰ ᠤᠳᠠᠭᠠᠨ ᠤ ᠪᠣᠯᠪᠠᠰᠤᠷᠠᠯ ᠤᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠲᠥᠷᠥᠭᠳᠡᠯ ᠨᠢ ᠰᠠᠶᠢᠨ᠂ ᠣᠯᠤᠯᠲᠠ ᠨᠢ ᠶᠡᠭᠡ ᠪᠠᠶᠢᠵᠤ᠂ ᠪᠣᠯᠪᠠᠰᠤᠷᠠᠯ  ᠢᠶᠠᠷ ᠳᠡᠮᠵᠢᠨ᠂ ᠰᠡᠳᠬᠢᠬᠦᠶ ᠶᠢᠨ ᠬᠠᠷᠠᠭ᠎ᠠ ᠨᠢ ᠰᠢᠨ᠎ᠡ ᠰᠡᠪᠡᠭᠦᠨ᠂ ᠴᠢᠳᠠᠪᠤᠷᠢ ᠬᠡᠪ ᠴᠢᠨᠠᠷ ᠨᠢ ᠰᠢᠨ᠎ᠡ ᠳᠡᠭᠡᠭᠰᠢᠯᠡᠯᠲᠡ ᠲᠠᠢ ᠪᠣᠯᠪᠠ ᠭᠡᠵᠦ ᠢᠯᠡᠷᠬᠡᠶᠢᠯᠡᠪᠡ᠃    ᠰᠢᠨ ᠾᠦᠢ ᠪᠠᠯᠭᠠᠰᠤᠨ ᠤ ᠰᠤᠷᠤᠭᠴᠢ ᠵᠠᠩ ᠸᠧᠶ ᠸᠧᠶ᠄ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠪᠢ ᠨᠠᠮ ᠤᠨ ᠦᠢᠯᠡᠰ ᠨᠢ ᠵᠠᠯᠠᠭᠤᠴᠤᠳ ᠤᠨ ᠦᠷᠭᠦᠯᠵᠢᠯᠡᠨ ᠲᠡᠮᠡᠴᠡᠬᠦ ᠠᠴᠠ ᠰᠠᠯᠵᠤ ᠴᠢᠳᠠᠬᠤ ᠦᠭᠡᠢ᠂ ᠵᠠᠯᠠᠭᠤᠴᠤᠳ ᠤᠨ ᠦᠰᠦᠨ ᠪᠤᠶᠢᠵᠢᠯᠲᠠ ᠨᠠᠩ ᠴᠤ ᠨᠠᠮ ᠤᠨ ᠨᠠᠷᠢᠨ ᠨᠢᠮᠪᠠᠶ ᠬᠥᠮᠦᠵᠢᠯ ᠠᠴᠠ ᠰᠠᠯᠵᠤ ᠴᠢᠳᠠᠬᠤ ᠦᠭᠡᠢ᠃ ᠪᠢᠳᠡ ᠶᠡᠷᠦᠩᠬᠡᠢ ᠱᠦᠵᠢ ᠶᠢᠨ ᠰᠤᠷᠭᠠᠯ ᠢ ᠢᠮᠠᠭᠲᠠ ᠪᠠᠲᠤ ᠴᠡᠭᠡᠵᠢᠯᠡᠵᠦ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂  ᠨᠠᠮ ᠢ ᠣᠶᠢᠯᠠᠭᠠᠵᠤ ᠨᠠᠮ ᠢᠶᠠᠨ ᠢᠲᠡᠭᠡᠵᠦ᠂ ᠨᠠᠮ ᠢᠶᠠᠨ ᠬᠠᠶᠢᠷᠠᠯᠠᠵᠤ ᠨᠠᠮ ᠢᠶᠠᠨ ᠬᠠᠮᠠᠭᠠᠯᠠᠬᠤ ᠂ ᠨᠠᠮ ᠢ ᠬᠦᠨᠳᠤᠳᠭᠡᠵᠦ ᠨᠠᠮ ᠳᠤ ᠣᠷᠤᠬᠤ ᠬᠠᠯᠠᠭᠤᠨ ᠰᠡᠳᠬᠢᠯᠭᠡ ᠶᠢ ᠢᠮᠠᠭᠲᠠ  ᠪᠠᠷᠢᠮᠳᠠᠯᠠᠨ᠎ᠠ ᠭᠡᠵᠦ  ᠢᠯᠡᠷᠬᠡᠶᠢᠯᠡᠪᠡ᠃
C:\Users\Administrator\Desktop\4.jpg
    ᠣᠶᠢᠯᠠᠭᠠᠭᠰᠠᠨ ᠢᠶᠠᠷ᠂ ᠲᠣᠰ ᠤᠳᠠᠭᠠᠨ ᠤ  ᠪᠣᠯᠪᠠᠰᠤᠷᠠᠯ ᠤᠨ ᠲᠥᠯᠥᠪᠯᠡᠭᠡ 12 ᠬᠤᠭᠤᠴᠠᠭ᠎ᠠ ᠡᠬᠢᠯᠡᠵᠦ᠂ ᠠᠭᠤᠯᠭ᠎ᠠ ᠨᠢ ᠣᠨᠣᠯ ᠤᠨ ᠤᠬᠠᠭᠤᠯᠤᠨ ᠲᠠᠶᠢᠯᠪᠤᠷᠢᠯᠠᠬᠤ᠂ ᠤᠷᠠᠨ ᠰᠠᠶᠢᠬᠠᠨ ᠤ ᠲᠣᠭᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠣᠯᠠᠨ ᠡᠰᠢᠲᠦ ᠠᠭᠤᠯᠭ᠎ᠠ ᠶᠢ ᠬᠠᠮᠤᠷᠴᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠬᠢᠴᠢᠶᠡᠯ ᠳᠡᠭᠡᠷ᠎ᠡ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ᠂ ᠬᠢᠴᠢᠶᠡᠯ ᠤᠨ ᠳᠠᠷᠠᠭᠠᠬᠢ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠶᠢ ᠠᠪᠴᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号