ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠶᠢᠨ ᠭᠤᠷᠪᠠᠨ  ᠵᠦᠢᠯ ᠤᠨ  ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ  ᠨᠠᠮᠡᠷᠢᠯᠡᠨ᠎ᠡ
ᠨᠡᠶᠢᠲᠡᠯᠡᠭᠰᠡᠨ ᠴᠠᠭ᠄
2024/4/18
    ᠠᠵᠤ ᠠᠬᠤᠶ ᠶᠢᠨ ᠬᠥᠭᠵᠢᠯᠲᠡ ᠪᠣᠯ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠲᠠᠢ ᠬᠤᠯᠪᠣᠭᠳᠠᠬᠤ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠬᠤ᠂ ᠬᠠᠷᠢᠴᠠᠭ᠎ᠠ ᠥᠨᠢ ᠤᠳᠠᠭᠠᠨ ᠠᠮᠤᠷ ᠲᠦᠪᠰᠢᠨ ᠪᠠᠶᠢᠬᠤ ᠶᠠᠪᠤᠳᠠᠯ ᠮᠥᠨ᠃ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠡᠨᠡ ᠬᠦ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠭᠤᠷᠪᠠᠨ  ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠤ ᠦᠨᠡᠨ ᠰᠡᠳᠬᠢᠯ ᠠᠴᠠ ᠪᠠᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠰᠠᠶᠢᠲᠤᠷ ᠬᠢᠨ᠎ᠡ᠃    ᠨᠢᠭᠡ ᠳᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠦᠢᠯᠡᠴᠢᠯᠡᠨ᠎ᠡ᠃ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠪᠢᠶᠠᠷᠢ ᠲᠣᠪᠴᠢᠶ᠎ᠠ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠣᠩᠭᠤᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠡᠯ᠎ᠡ  ᠵᠦᠢᠯ ᠤᠨ ᠭᠠᠷᠳᠠᠮ ᠢ  ᠭᠦᠢᠴᠡᠳᠬᠡᠬᠦ ᠲᠠᠰ ᠳᠠᠷᠠᠭᠠᠯᠠᠯ ᠳᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ  ᠭᠦᠢᠴᠡᠳᠬᠡᠬᠦ ᠵᠢᠴᠢ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠠᠩᠬᠠᠷᠬᠤ  ᠵᠦᠢᠯᠡᠰ ᠢ ᠵᠢᠯᠣᠭᠤᠳᠬᠤ ᠶᠢᠨ ᠬᠠᠮᠲᠤ ᠵᠦᠶ ᠵᠣᠬᠢᠰᠲᠠᠶ ᠰᠠᠨᠠᠭᠤᠯᠭ᠎ᠠ ᠳᠤᠷᠠᠳᠪᠠ᠃    ᠬᠤᠶᠠᠷ ᠲᠤ᠂ ᠪᠥᠬᠦ ᠶᠠᠪᠤᠴᠠ ᠳᠤ ᠮᠥᠷᠳᠡᠨ ᠦᠢᠯᠡᠴᠢᠯᠡᠨ᠎ᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠠᠪᠰᠤᠷᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠭᠦᠢᠴᠡᠳᠬᠡᠬᠦ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠬᠠᠮᠵᠢᠯᠴᠠᠨ ᠠᠰᠠᠭᠤᠳᠠᠯ ᠢ ᠰᠢᠢᠳᠪᠦᠷᠢᠯᠡᠬᠦ ᠪᠠᠨ ᠲᠦᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ᠭᠤᠷᠪᠠᠳᠠᠬᠢ ᠡᠲᠡᠭᠡᠳ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠨᠠᠶᠢᠷᠠᠭᠤᠯᠤᠨ ᠵᠣᠬᠢᠶᠠᠬᠤ ᠠᠬᠢᠴᠠ ᠪᠠᠨ ᠲᠦᠷᠭᠡᠳᠬᠡᠵᠦ᠂ ᠬᠠᠮᠤᠭ ᠤᠨ ᠣᠬᠤᠷ ᠬᠤᠭᠤᠴᠠᠭᠠᠨ ᠳᠤ ᠠᠵᠤ ᠠᠬᠤᠶᠢᠯᠠᠯ ᠳᠤ ᠬᠠᠮᠤᠭ ᠤᠨ ᠣᠯᠠᠨ ᠠᠵᠢᠯ ᠬᠢᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃    ᠭᠤᠷᠪᠠ ᠳᠤ ᠂ ᠰᠢᠯᠭᠠᠨ  ᠬᠤᠷᠢᠶᠠᠬᠤ ᠠᠴᠠ ᠡᠮᠦᠨᠡᠬᠢ ᠦᠢᠯᠡᠴᠢᠯᠡᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠠᠵᠤ ᠠᠬᠤᠶᠢᠯᠠᠯ ᠤᠨ ᠬᠡᠷᠡᠭᠴᠡᠭᠡ ᠶᠢ ᠦᠨᠳᠦᠰᠦᠯᠡᠨ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠪᠠᠲᠤᠯᠠᠭᠰᠠᠨ ᠮᠥᠷᠲᠡᠭᠡᠨ ᠰᠢᠯᠭᠠᠨ ᠠᠪᠬᠤ ᠳᠤ ᠬᠢᠷᠢ ᠲᠡᠩᠴᠡᠬᠦ ᠥᠬᠡᠶ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠠᠰᠠᠭᠤᠳᠠᠯ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠴᠢᠬᠤᠯᠠ ᠪᠤᠰᠤ ᠴᠠᠭ᠂ ᠡᠳ᠋ ᠤᠨ ᠬᠦᠴᠦᠨ ᠢ ᠠᠷᠪᠢᠯᠠᠬᠤ ᠳᠤ ᠴᠤ ᠬᠦᠴᠦᠲᠡᠶ ᠪᠠᠲᠤᠯᠠᠭ᠎ᠠ  ᠬᠠᠩᠭᠠᠪᠠ᠃    ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤᠮᠳᠠ ᠨᠠᠩ ᠣᠯᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠬᠦ ᠬᠤᠰᠢᠭᠤᠨ ᠤ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号