| ᠣᠳᠣ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠠᠰᠢᠷᠠᠮ ᠳᠤ ᠂ ᠲᠠᠷᠢᠶᠠᠯᠠᠬᠤ ᠴᠠᠭ ᠢ | ᠰᠠᠭᠠᠲᠠᠭᠠᠬᠤ ᠥᠬᠡᠶ ᠪᠠᠶᠢᠬᠤ ᠶᠢᠨ ᠲᠥᠯᠥᠭᠡ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ | ᠭᠠᠵᠠᠷ ᠤᠨ ᠭᠦᠨ ᠰᠤᠯᠠᠷᠠᠭᠤᠯᠵᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ | ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ | ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠠᠵᠢᠯᠲᠠᠨ ᠰᠢᠶᠠ ᠸᠠ ᠪᠠᠯᠭᠠᠰᠤ᠂ ᠨᠦᠬᠡᠲᠦ | ᠪᠠᠯᠭᠠᠰᠤ᠂ ᠭᠤᠷᠪᠠᠨᠬᠤᠸᠠ ᠪᠠᠯᠭᠠᠰᠤ᠂ ᠰᠠᠯᠪᠤᠷᠢ ᠰᠢᠶᠠᠩ ᠵᠡᠷᠭᠡ ᠰᠢᠶᠠᠩ ᠪᠠᠯᠭᠠᠰᠤᠨ ᠳᠤ ᠬᠦᠷᠴᠦ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠪᠠ ᠲᠠᠷᠢᠶᠠᠨ ᠭᠠᠵᠠᠷ ᠤᠨ ᠭᠦᠨ ᠰᠤᠯᠠᠷᠠᠭᠤᠯᠵᠤ ᠲᠥᠷᠥᠯ ᠵᠦᠢᠯ ᠤᠨ | ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠶᠢ ᠤᠭᠰᠠᠷᠠᠵᠤ ᠲᠤᠷᠰᠢᠬᠤ ᠵᠢᠴᠢ ᠪᠦᠷᠢᠳᠬᠡᠨ ᠳᠠᠩᠰᠠᠯᠠᠬᠤ ᠠᠵᠢᠯ | ᠥᠷᠨᠢᠭᠦᠯᠪᠡ᠃ | ᠮᠡᠷᠭᠡᠵᠢᠯ ᠤᠨ ᠠᠵᠢᠯᠲᠠᠳ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ | ᠰᠤᠯᠠᠷᠠᠭᠤᠯᠵᠤ ᠲᠠᠷᠢᠶᠠᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠤᠯ ᠴᠣᠭᠴᠠ ᠶᠢᠨ ᠡᠰᠢ | ᠰᠦᠷᠡᠯ ᠢ ᠰᠢᠨᠵᠢᠯᠡᠬᠦ ᠤᠬᠠᠭᠠᠨᠴᠢ ᠪᠠᠷ ᠦᠯᠡᠳᠡᠭᠡᠬᠦ᠂ ᠵᠢᠷᠤᠮᠵᠢᠭᠤᠯᠤᠨ ᠬᠡᠷᠡᠭᠯᠡᠬᠦ ᠮᠡᠷᠭᠡᠵᠢᠯ ᠢ ᠵᠢᠯᠣᠭᠤᠳᠤᠨ | ᠬᠡᠷᠡᠭᠵᠢᠭᠦᠯᠵᠦ᠂ ᠬᠡᠷᠡᠭᠵᠢᠭᠦᠯᠬᠦ ᠶᠠᠰᠤ ᠴᠢᠨᠠᠷ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ | ᠰᠤᠯᠠᠷᠠᠭᠤᠯᠵᠤ ᠪᠠᠶᠢᠭ᠎ᠠ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠵᠢᠴᠢ ᠠᠵᠢᠯᠯᠠᠵᠤ ᠪᠠᠶᠢᠭ᠎ᠠ ᠮᠠᠰᠢᠨ ᠪᠠᠭᠠᠵᠢ ᠶᠢ | ᠪᠠᠶᠢᠴᠠᠭᠠᠨ ᠵᠠᠰᠠᠬᠤ ᠪᠠ ᠲᠣᠬᠢᠷᠠᠭᠤᠯᠤᠨ ᠲᠤᠷᠰᠢᠵᠤ᠂ ᠲᠡᠭᠦᠨ ᠢ ᠮᠡᠷᠭᠡᠵᠢᠯ ᠤᠨ ᠪᠠᠷᠢᠮᠵᠢᠶ᠎ᠠ ᠪᠠ ᠬᠢᠨᠠᠯᠲᠠ | ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠦᠭᠦᠯᠪᠡ᠃ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠳᠤ ᠭᠠᠵᠠᠷ ᠬᠡᠷᠡᠭᠯᠡᠬᠦ ᠪᠠ ᠭᠠᠵᠠᠷ ᠠᠷᠪᠢᠯᠠᠬᠤ ᠶᠢ ᠤᠶᠠᠯᠳᠤᠭᠤᠯᠬᠤ᠂ | ᠬᠠᠷ᠎ᠠ ᠬᠥᠷᠥᠰᠥᠨ ᠤ ᠮᠠᠭᠤᠳᠠᠬᠤ ᠶᠢ ᠬᠤᠷᠢᠭᠯᠠᠬᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠰᠡᠷᠭᠦᠭᠡᠨ | ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠳᠤᠮᠳᠠ ᠴᠢᠬᠤᠯᠠ | ᠦᠢᠯᠡᠳᠦᠯ ᠦᠵᠡᠭᠦᠯᠦᠨ᠎ᠡ᠃ ᠲᠠᠷᠢᠶᠠᠨ ᠭᠠᠵᠠᠷ ᠤᠨ ᠭᠦᠨ ᠰᠤᠯᠠᠷᠠᠬᠤ ᠨᠢ ᠳᠠᠪᠬᠤᠷᠭ᠎ᠠ ᠶᠢ ᠭᠦᠨᠵᠡᠭᠡᠶᠢᠷᠡᠭᠦᠯᠦᠨ᠂ | ᠬᠠᠭᠠᠯᠪᠤᠷᠢᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠦᠨ᠂ ᠬᠥᠷᠥᠰᠥ ᠰᠢᠷᠣᠶ ᠶᠢᠨ ᠪᠦᠲᠦᠴᠡ ᠶᠢ | ᠰᠠᠶᠢᠵᠢᠷᠠᠭᠤᠯᠵᠤ᠂ ᠬᠥᠷᠥᠰᠥ ᠰᠢᠷᠣᠶ ᠶᠢ ᠰᠡᠶᠢᠷᠡᠭᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠰᠡᠯᠭᠦᠬᠦ ᠬᠦᠴᠦᠨ ᠢ ᠨᠡᠮᠡᠭᠳᠡᠭᠦᠯᠬᠦ ᠪᠣᠯᠤᠨ᠎ᠠ᠃ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠲᠥᠷᠥᠯ ᠵᠦᠢᠯ ᠢ | ᠬᠡᠷᠡᠭᠵᠢᠭᠦᠯᠬᠦ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠥᠷᠲᠡᠭᠡ | ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ | ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤᠨ ᠳᠤ ᠮᠡᠷᠭᠡᠵᠢᠯ ᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ | ᠥᠷᠭᠡᠨ ᠣᠯᠠᠨ ᠲᠠᠷᠢᠶᠠᠴᠢᠨ᠂ ᠲᠠᠷᠢᠶᠠᠯᠠᠩ ᠤᠨ ᠮᠠᠰᠢᠨᠴᠢ ᠪᠠ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠰᠢᠨ᠎ᠡ ᠮᠡᠷᠭᠡᠵᠢᠯ᠂ ᠰᠢᠨ᠎ᠡ ᠮᠠᠰᠢᠨ | ᠪᠠᠭᠠᠵᠢ ᠶᠢ ᠳᠡᠯᠭᠡᠷᠡᠭᠦᠯᠦᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠳᠥᠯᠭᠢᠨ | ᠠᠬᠢᠭᠤᠯᠵᠤ᠂ ᠮᠠᠨ ᠤ ᠬᠤᠰᠢᠭᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠰᠠᠶᠢᠨ ᠰᠠᠭᠤᠷᠢ | ᠲᠠᠯᠪᠢᠵᠤ ᠥᠭᠭᠦᠨ᠎ᠡ᠃ |