ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠭᠲᠣᠯᠤᠭᠠᠰᠤ ᠬᠡᠰᠡᠭ ᠤᠨ ᠤᠰᠤᠨ ᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/4/18
    4 ᠰᠠᠷ᠎ᠠ ᠳᠤ ᠤᠯᠤᠰ ᠤᠨ ᠡᠵᠡᠮᠰᠢᠯ ᠤᠨ ᠣᠭᠲᠣᠯᠤᠭᠠᠰᠤ ᠬᠡᠰᠡᠭ ᠤᠨ ᠪᠥᠬᠦ ᠬᠦᠢᠴᠡᠳᠬᠡᠯ ᠲᠤᠭ᠎ᠠ ᠶᠢᠨ ᠬᠢᠨᠠᠨ ᠬᠡᠮᠵᠢᠯᠲᠡ ᠶᠢᠨ ᠰᠠᠷ᠎ᠠ ᠳᠤ ᠂ ᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠤᠤᠯᠳᠠᠯᠭ᠎ᠠ ᠲᠠᠢ ᠣᠭᠲᠣᠯᠤᠭᠠᠰᠤ ᠬᠡᠰᠡᠭ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ  ᠪᠠᠲᠤᠯᠠᠨ᠎ᠠ᠃    ᠨᠢᠭᠡ᠂ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ    ᠪᠥᠬᠦ ᠲᠠᠯ᠎ᠠ ᠶᠢᠨ᠂ ᠥᠨᠴᠥᠭ ᠪᠤᠯᠤᠩ ᠦᠯᠡᠳᠡᠭᠡᠬᠦ ᠥᠬᠡᠶ ᠵᠢᠭᠰᠠᠭᠠᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠶᠢᠨ ᠵᠣᠬᠢᠶᠠᠨ ᠪᠠᠶᠢᠭᠤᠯᠤᠨ ᠬᠠᠮᠢᠶᠠᠷᠬᠤ᠂ ᠬᠢᠨᠠᠨ ᠬᠡᠮᠵᠢᠬᠦ᠂ ᠬᠠᠤᠯᠢ ᠬᠡᠷᠡᠭᠵᠢᠭᠦᠯᠬᠦ ᠬᠠᠮᠲᠤᠷᠠᠭᠰᠠᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠯᠣᠣ ᠬᠤ᠋ ᠱᠠᠨ ᠾᠧ ᠭᠤᠤᠯ ᠤᠨ ᠯᠣᠣ ᠬᠤ᠋ ᠱᠠᠨ ᠶᠡᠭᠡ ᠬᠥᠭᠦᠷᠭᠡ ᠶᠢᠨ ᠣᠭᠲᠣᠯᠤᠭᠠᠰᠤ᠂ ᠯᠤᠤᠬ᠎ᠠ ᠶᠢᠨ ᠭᠤᠤᠯ ᠤᠨ ᠳ᠋ᠦᠩ ᠱᠠᠨ ᠸᠠᠨ ᠶᠡᠭᠡ ᠬᠥᠭᠦᠷᠭᠡ ᠶᠢᠨ ᠣᠭᠲᠣᠯᠤᠭᠠᠰᠤ  ᠬᠡᠰᠡᠭ ᠤᠨ ᠲᠤᠬᠠᠶ ᠶᠢᠨ ᠲᠠᠯᠠᠪᠠᠶ ᠶᠢ ᠲᠣᠭᠤᠷᠢᠨ ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠪᠡ᠃ ᠲᠣᠭᠤᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠭᠤᠣᠯ ᠤᠨ ᠵᠠᠮ ᠤᠨ ᠬᠤᠭ ᠨᠣᠪᠰᠢ ᠵᠡᠷᠭᠡ ᠠᠰᠠᠭᠤᠳᠠᠯ ᠢ ᠰᠢᠶᠠᠩ ᠪᠠᠯᠭᠠᠰᠤ ᠠᠴᠠ ᠲᠤᠰᠬᠠᠶ ᠬᠥᠮᠦᠨ ᠲᠣᠮᠢᠯᠠᠨ ᠴᠡᠪᠡᠷᠯᠡᠵᠦ᠂ ᠤᠰᠤᠨ ᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠬᠢᠨᠠᠨ ᠬᠡᠮᠵᠢᠬᠦ ᠶᠢ ᠥᠷᠨᠢᠭᠦᠯᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ    ᠲᠣᠭᠤᠷᠢᠨ ᠪᠠᠶᠢᠴᠠᠭᠠᠬᠤ ᠶᠠᠪᠤᠴᠠ ᠳᠤ ᠣᠭᠲᠣᠯᠤᠭᠠᠰᠤ ᠬᠡᠰᠡᠭ ᠤᠨ ᠵᠡᠷᠭᠡᠪᠡᠷ ᠦᠯᠢᠭᠡᠷ ᠠᠪᠴᠤ ᠰᠢᠯᠭᠠᠨ ᠪᠠᠶᠢᠴᠠᠭᠠᠵᠤ᠂ ᠭᠠᠵᠠᠷ ᠳᠡᠭᠡᠷᠡᠬᠢ ᠤᠰᠤᠨ ᠤ ᠴᠢᠨᠠᠷ ᠤᠨ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠳᠡᠪᠡ᠃ ᠤᠰᠤᠨ ᠤ ᠣᠷᠴᠢᠨ ᠲᠣᠭᠤᠷᠢᠨ ᠤ ᠪᠠᠶᠢᠳᠠᠯ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠪᠠᠷ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠨ ᠨᠡᠮᠡᠷᠢᠯᠡᠵᠦ᠂ ︽ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ︾ ᠴᠢᠳᠠᠪᠤᠷᠢ ᠪᠠᠨ ᠳᠡᠭᠡᠭᠰᠢᠯᠡᠭᠦᠯᠵᠦ᠂ ᠨᠠᠷᠢᠯᠢᠭᠵᠢᠭᠤᠯᠤᠨ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠳᠤ ᠦᠨᠡᠨ ᠬᠦ ᠬᠦᠷᠦᠭᠦᠯᠵᠦ᠂ ᠣᠭᠲᠣᠯᠤᠭᠠᠰᠤ ᠬᠡᠰᠡᠭ ᠤᠨ ᠤᠰᠤᠨ ᠤ ᠴᠢᠨᠠᠷ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃    ᠭᠤᠷᠪᠠ᠂ ᠭᠤᠤᠯᠳᠠᠯᠭ᠎ᠠ ᠪᠠᠨ ᠲᠣᠪᠤᠶᠢᠯᠭᠠᠨ᠂ ᠬᠢᠨᠠᠯᠲᠠ ᠬᠠᠮᠢᠶᠠᠷᠤᠯᠲᠠ ᠪᠠᠨ  ᠴᠢᠩᠭᠠᠳᠬᠠᠬᠤ ᠬᠡᠷᠡᠭᠲᠡᠶ    ᠭᠤᠣᠯ ᠴᠠᠭᠳᠠᠬᠤ ᠡᠭᠦᠷᠭᠡ ᠲᠠᠢ ᠤᠶᠠᠯᠳᠤᠭᠤᠯᠤᠨ᠂ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠣᠭᠲᠣᠯᠤᠭᠠᠰᠤ ᠬᠡᠰᠡᠭ ᠤᠨ ᠡᠷᠬᠢᠨ ᠲᠣᠭᠤᠷᠢᠨ ᠤ ᠪᠣᠬᠢᠷ ᠤᠰᠤ ᠰᠢᠢᠳᠪᠦᠷᠢᠯᠡᠬᠦ ᠥᠷᠲᠡᠭᠡ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠡᠷᠭᠡ ᠭᠤᠤᠯ ᠳᠠᠭᠠᠤ ᠤᠰᠤ ᠲᠠᠢ ᠬᠤᠯᠪᠣᠭᠳᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠡᠨᠡᠳᠲᠡ ᠶᠢᠨ ᠪᠠᠶᠢᠴᠠᠭᠠᠯᠲᠠ ᠬᠢᠪᠡ᠃ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠶᠠᠭᠳᠠᠮᠠᠯ ᠤᠰᠤ ᠭᠠᠷᠭᠠᠬᠤ᠂  ᠰᠢᠢᠳᠪᠦᠷᠢᠯᠡᠬᠦ᠂ ᠡᠷᠭᠢᠯᠳᠦᠭᠦᠯᠦᠨ ᠠᠰᠢᠭᠯᠠᠬᠤ᠂ ᠭᠠᠳᠠᠭᠰᠢᠯᠠᠭᠤᠯᠬᠤ ᠬᠡᠮᠵᠢᠶ᠎ᠡ᠂ ᠭᠠᠳᠠᠭᠰᠢᠯᠠᠭᠤᠯᠬᠤ ᠴᠢᠭᠯᠡᠯ ᠵᠡᠷᠭᠡ ᠲᠠᠯ᠎ᠠ ᠳᠤ ᠭᠤᠤᠯᠳᠠᠯᠭ᠎ᠠ ᠲᠠᠢ ᠶᠡᠷᠦᠩᠬᠡᠶᠢᠯᠡᠭᠰᠡᠨ ᠪᠡᠶ᠎ᠡ ᠶᠢᠨ ᠪᠠᠶᠢᠴᠠᠭᠠᠯᠲᠠ ᠬᠢᠵᠦ᠂ ᠪᠣᠷᠣᠭᠠᠨ ᠤ ᠤᠰᠤ ᠶᠢ ᠬᠤᠯᠠᠭᠠᠶᠢᠯᠠᠨ ᠭᠠᠳᠠᠭᠰᠢᠯᠠᠭᠤᠯᠬᠤ᠂ ᠰᠢᠭᠤᠳ ᠭᠠᠳᠠᠭᠰᠢᠯᠠᠭᠤᠯᠬᠤ ᠪᠤᠶᠤ ᠪᠣᠷᠣᠭᠠᠨ ᠤ ᠤᠰᠤ ᠶᠢ ᠠᠰᠢᠭᠯᠠᠬᠤ᠂ ᠤᠰᠤ ᠲᠠᠲᠠᠬᠤ ᠬᠥᠭᠡᠷᠭᠡ ᠵᠡᠷᠭᠡ ᠪᠣᠬᠢᠷ ᠪᠣᠳᠠᠰ ᠭᠠᠳᠠᠭᠰᠢᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠣᠭᠲᠣᠯᠤᠭᠠᠰᠤ  ᠬᠡᠰᠡᠭ ᠤᠨ ᠤᠰᠤᠨ ᠤ ᠴᠢᠨᠠᠷ ᠢ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠵᠦᠢᠯ ᠢ ᠪᠥᠬᠦ ᠲᠠᠯ᠎ᠠ ᠪᠠᠷ ᠨᠠᠷᠢᠯᠢᠭ ᠣᠨᠣᠴᠠᠲᠠᠶ ᠪᠠᠷ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠷᠠᠯᠲᠠ ᠲᠠᠢ ᠪᠠᠷ ᠰᠤᠮᠤ ᠬᠠᠷᠪᠤᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号