ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠸᠠᠩ ᠬᠤᠸᠠ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠢᠷᠡᠵᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/18
C:\Users\Administrator\Desktop\1.jpg
    4 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠸᠠᠩ ᠬᠤᠸᠠ ᠨᠠᠷ ᠠᠤᠬᠠᠨ ᠬᠤᠰᠢᠭᠤᠨ ᠳᠤ ᠢᠷᠡᠵᠦ ᠠᠵᠢᠯ ᠤᠨ ᠪᠠᠶᠢᠴᠠᠭᠠᠨ ᠰᠤᠳᠤᠯᠤᠯᠲᠠ ᠬᠢᠪᠠ᠃ ᠸᠠᠩ ᠬᠤᠸᠠ  ᠨᠠᠷ ᠤᠷᠢᠳ ᠬᠤᠵᠢᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠭᠤᠳᠠᠮ ᠲᠠᠯᠠᠪᠠᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠮᠡᠳᠡᠭᠡ ᠵᠠᠩᠭᠢᠵᠢᠯᠲᠠ ᠶᠢᠨ ᠵᠢᠯᠣᠭᠤᠳᠬᠤ ᠴᠢᠮᠡᠭᠡ ᠵᠠᠩᠭᠢᠵᠢᠯᠲᠠ ᠶᠢᠨ ᠲᠠᠰᠤᠭ ᠲᠤ ᠬᠦᠷᠴᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ᠂ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠲᠠ᠂ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯᠲᠠᠨ ᠲᠠᠢ ᠶᠠᠷᠢᠯᠴᠠᠪᠠ᠃ ᠸᠠᠩ ᠬᠤᠸᠠ ᠡᠷᠬᠢᠯᠡᠭᠴᠢ ᠠᠤᠬᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠦᠲᠦᠭᠡᠯᠴᠢ ᠴᠢᠨᠠᠷᠲᠠᠶ ᠰᠠᠨᠠᠯ ᠳᠤᠷᠠᠳᠪᠠ᠃ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ ᠤᠨ ᠡᠷᠬᠢᠯᠡᠭᠴᠢ ᠮᠢᠶᠣᠣ ᠰᠢᠤ ᠮᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠬᠠᠶ ᠯᠦᠩ᠂  ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号