ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠲᠥᠷᠥᠯ ᠵᠦᠢᠯ ᠤᠨ ᠰᠢᠨ᠎ᠡ ᠮᠡᠷᠭᠡᠵᠢᠯ᠂ ᠰᠢᠨ᠎ᠡ ᠮᠠᠰᠢᠨ ᠪᠠᠭᠠᠵᠢ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/18
    ᠣᠳᠣ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠠᠰᠢᠷᠠᠮ ᠳᠤ ᠂ ᠲᠠᠷᠢᠶᠠᠯᠠᠬᠤ ᠴᠠᠭ ᠢ ᠰᠠᠭᠠᠲᠠᠭᠠᠬᠤ ᠥᠬᠡᠶ ᠪᠠᠶᠢᠬᠤ ᠶᠢᠨ ᠲᠥᠯᠥᠭᠡ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠤᠨ ᠭᠦᠨ ᠰᠤᠯᠠᠷᠠᠭᠤᠯᠵᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠠᠵᠢᠯᠲᠠᠨ ᠰᠢᠶᠠ ᠸᠠ ᠪᠠᠯᠭᠠᠰᠤ᠂ ᠨᠦᠬᠡᠲᠦ ᠪᠠᠯᠭᠠᠰᠤ᠂ ᠭᠤᠷᠪᠠᠨᠬᠤᠸᠠ ᠪᠠᠯᠭᠠᠰᠤ᠂ ᠰᠠᠯᠪᠤᠷᠢ ᠰᠢᠶᠠᠩ ᠵᠡᠷᠭᠡ ᠰᠢᠶᠠᠩ ᠪᠠᠯᠭᠠᠰᠤᠨ ᠳᠤ ᠬᠦᠷᠴᠦ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠪᠠ ᠲᠠᠷᠢᠶᠠᠨ ᠭᠠᠵᠠᠷ ᠤᠨ ᠭᠦᠨ ᠰᠤᠯᠠᠷᠠᠭᠤᠯᠵᠤ ᠲᠥᠷᠥᠯ ᠵᠦᠢᠯ ᠤᠨ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠶᠢ ᠤᠭᠰᠠᠷᠠᠵᠤ ᠲᠤᠷᠰᠢᠬᠤ ᠵᠢᠴᠢ ᠪᠦᠷᠢᠳᠬᠡᠨ ᠳᠠᠩᠰᠠᠯᠠᠬᠤ ᠠᠵᠢᠯ ᠥᠷᠨᠢᠭᠦᠯᠪᠡ᠃    ᠮᠡᠷᠭᠡᠵᠢᠯ ᠤᠨ ᠠᠵᠢᠯᠲᠠᠳ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠲᠠᠷᠢᠶᠠᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠤᠯ ᠴᠣᠭᠴᠠ ᠶᠢᠨ ᠡᠰᠢ ᠰᠦᠷᠡᠯ ᠢ ᠰᠢᠨᠵᠢᠯᠡᠬᠦ ᠤᠬᠠᠭᠠᠨᠴᠢ ᠪᠠᠷ ᠦᠯᠡᠳᠡᠭᠡᠬᠦ᠂ ᠵᠢᠷᠤᠮᠵᠢᠭᠤᠯᠤᠨ ᠬᠡᠷᠡᠭᠯᠡᠬᠦ ᠮᠡᠷᠭᠡᠵᠢᠯ ᠢ ᠵᠢᠯᠣᠭᠤᠳᠤᠨ ᠬᠡᠷᠡᠭᠵᠢᠭᠦᠯᠵᠦ᠂ ᠬᠡᠷᠡᠭᠵᠢᠭᠦᠯᠬᠦ ᠶᠠᠰᠤ ᠴᠢᠨᠠᠷ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠪᠠᠶᠢᠭ᠎ᠠ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠵᠢᠴᠢ ᠠᠵᠢᠯᠯᠠᠵᠤ ᠪᠠᠶᠢᠭ᠎ᠠ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠪᠠ ᠲᠣᠬᠢᠷᠠᠭᠤᠯᠤᠨ ᠲᠤᠷᠰᠢᠵᠤ᠂ ᠲᠡᠭᠦᠨ ᠢ ᠮᠡᠷᠭᠡᠵᠢᠯ ᠤᠨ ᠪᠠᠷᠢᠮᠵᠢᠶ᠎ᠠ ᠪᠠ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠦᠭᠦᠯᠪᠡ᠃    ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠳᠤ ᠭᠠᠵᠠᠷ ᠬᠡᠷᠡᠭᠯᠡᠬᠦ ᠪᠠ ᠭᠠᠵᠠᠷ ᠠᠷᠪᠢᠯᠠᠬᠤ ᠶᠢ ᠤᠶᠠᠯᠳᠤᠭᠤᠯᠬᠤ᠂ ᠬᠠᠷ᠎ᠠ ᠬᠥᠷᠥᠰᠥᠨ ᠤ ᠮᠠᠭᠤᠳᠠᠬᠤ ᠶᠢ ᠬᠤᠷᠢᠭᠯᠠᠬᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠰᠡᠷᠭᠦᠭᠡᠨ ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠳᠤᠮᠳᠠ ᠴᠢᠬᠤᠯᠠ ᠦᠢᠯᠡᠳᠦᠯ ᠦᠵᠡᠭᠦᠯᠦᠨ᠎ᠡ᠃ ᠲᠠᠷᠢᠶᠠᠨ ᠭᠠᠵᠠᠷ ᠤᠨ ᠭᠦᠨ ᠰᠤᠯᠠᠷᠠᠬᠤ ᠨᠢ ᠳᠠᠪᠬᠤᠷᠭ᠎ᠠ ᠶᠢ ᠭᠦᠨᠵᠡᠭᠡᠶᠢᠷᠡᠭᠦᠯᠦᠨ᠂ ᠬᠠᠭᠠᠯᠪᠤᠷᠢᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠦᠨ᠂ ᠬᠥᠷᠥᠰᠥ ᠰᠢᠷᠣᠶ ᠶᠢᠨ ᠪᠦᠲᠦᠴᠡ ᠶᠢ ᠰᠠᠶᠢᠵᠢᠷᠠᠭᠤᠯᠵᠤ᠂ ᠬᠥᠷᠥᠰᠥ ᠰᠢᠷᠣᠶ ᠶᠢ ᠰᠡᠶᠢᠷᠡᠭᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠰᠡᠯᠭᠦᠬᠦ ᠬᠦᠴᠦᠨ ᠢ ᠨᠡᠮᠡᠭᠳᠡᠭᠦᠯᠬᠦ ᠪᠣᠯᠤᠨ᠎ᠠ᠃    ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠲᠥᠷᠥᠯ ᠵᠦᠢᠯ ᠢ ᠬᠡᠷᠡᠭᠵᠢᠭᠦᠯᠬᠦ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠮᠡᠷᠭᠡᠵᠢᠯ ᠳᠡᠯᠭᠡᠷᠡᠭᠦᠯᠬᠦ ᠥᠷᠲᠡᠭᠡ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤᠨ ᠳᠤ ᠮᠡᠷᠭᠡᠵᠢᠯ ᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠴᠢᠨ᠂ ᠲᠠᠷᠢᠶᠠᠯᠠᠩ ᠤᠨ ᠮᠠᠰᠢᠨᠴᠢ ᠪᠠ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠰᠢᠨ᠎ᠡ ᠮᠡᠷᠭᠡᠵᠢᠯ᠂ ᠰᠢᠨ᠎ᠡ ᠮᠠᠰᠢᠨ ᠪᠠᠭᠠᠵᠢ ᠶᠢ ᠳᠡᠯᠭᠡᠷᠡᠭᠦᠯᠦᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠮᠠᠨ ᠤ ᠬᠤᠰᠢᠭᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号