| ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠪᠠᠬᠢᠵᠢᠭᠦᠯᠦᠨ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠲᠠᠭᠠᠯᠠᠮᠵᠢᠲᠠᠶ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠨᠦᠭᠦᠴᠡᠯ ᠢ ᠪᠣᠶ ᠪᠣᠯᠭᠠᠬᠤ ᠶᠢᠨ ᠲᠦᠯᠦᠭᠡ᠂ ᠤᠢᠢᠷ᠎ᠠ ᠶᠢᠨ ᠡᠳᠦᠷ ᠤᠳ ᠲᠤ᠂ ᠰᠢᠨ ᠾᠦᠢ ᠪᠠᠯᠭᠠᠰᠤ | ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠦᠷᠭᠦᠯᠵᠢᠯᠡᠨ ᠬᠦᠴᠦᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ | ᠨᠦᠭᠦᠴᠡᠯ ᠢ ᠴᠡᠭᠴᠡᠯᠡᠨ ᠵᠠᠰᠠᠬᠤ ᠶᠢ ᠵᠤᠬᠰᠤᠭᠠᠬᠤ ᠦᠭᠡᠢ᠂ ᠲᠣᠰᠬᠤᠨ ᠤ ᠳᠦᠷᠰᠦ ᠪᠠᠶᠢᠳᠠᠯ ᠢ ᠲᠠᠬᠢᠨ ᠳᠡᠭᠡᠭᠰᠢᠯᠡᠭᠦᠯᠬᠦ ᠶᠢ | ᠠᠬᠢᠭᠤᠯᠪᠠ᠃ | ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ | ᠴᠢᠩᠭᠠᠳᠬᠠᠨ᠎ᠠ | ᠰᠢᠨ ᠾᠦᠢ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ ᠪᠠᠯᠭᠠᠰᠤ ᠲᠣᠰᠬᠤᠨ ᠤ ᠺᠠᠳ᠋ᠷᠴᠤᠳ ᠤᠨ ᠶᠡᠭᠡ ᠬᠤᠷᠠᠯ ᠳᠡᠭᠡᠷ᠎ᠡ ᠪᠦᠬᠦ ᠪᠠᠯᠭᠠᠰᠤᠨ ᠤ ᠡᠷᠡᠭᠦᠯ | ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠲᠣᠰᠬᠤᠨ ︵ᠨᠡᠶᠢᠭᠡᠮ | ᠲᠣᠭᠤᠷᠢᠭ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠩᠭᠤᠵᠢᠭᠰᠠᠨ ᠣᠷᠴᠢᠨ ᠲᠣᠭᠤᠷᠢᠨ ᠤ ᠵᠠᠰᠠᠯᠲᠠ ᠶᠢᠨ | ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠬᠦᠴᠢᠷ᠂ ᠳᠠᠬᠢᠨ ᠰᠡᠷᠭᠦᠭᠡᠬᠦ ᠳᠤ | ᠬᠢᠯᠪᠠᠷ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ | ᠬᠤᠷᠠᠯ ᠤᠨ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠡᠶ᠎ᠡ ᠪᠠᠷ ᠢᠶᠠᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ᠂ ᠲᠤᠬᠠᠶ ᠶᠢᠨ ᠲᠠᠯᠠᠪᠤᠷ ᠲᠤ ᠠᠯᠪᠠᠯᠠᠨ ᠵᠣᠬᠢᠴᠠᠭᠤᠯᠵᠤ᠂ | ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠵᠤ᠂ ᠨᠢᠭᠡ ᠶᠢ ᠠᠷᠢᠭᠤᠨ ᠴᠡᠪᠡᠷ ᠪᠠᠶᠢᠯᠭᠠᠬᠤ ᠬᠡᠷᠡᠭᠲᠡᠶ ᠭᠡᠵᠦ ᠱᠠᠭᠠᠷᠳᠠᠪᠠ | ᠃ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠪᠥᠬᠦ ᠣᠷᠣᠨ ᠪᠦᠰᠡ ᠶᠢᠨ ᠵᠢᠭᠰᠠᠭᠠᠨ | ᠪᠠᠶᠢᠴᠠᠭᠠᠯᠲᠠ ᠶᠢ ᠦᠷᠨᠢᠭᠦᠯᠦᠨ᠎ᠡ | ᠰᠢᠨ ᠾᠦᠢ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠪᠠᠯᠭᠠᠰᠤ ᠶᠢᠨ ᠡᠯ᠎ᠡ ᠲᠣᠰᠬᠤᠨ ᠤ ᠬᠢᠨ ᠪᠠᠯᠭᠠᠰᠤᠨ ᠤ ᠬᠡᠪᠴᠢᠶᠡᠨ ᠳᠠᠬᠢ | ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠤᠨ ᠳᠤᠪᠤᠶᠢᠮ᠎ᠠ ᠠᠰᠠᠭᠤᠳᠠᠯ ᠤᠨ ᠲᠣᠭᠤᠷᠢᠨ ᠳᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠵᠤ᠂ | ᠲᠣᠰᠬᠤᠨ ᠤ ᠳᠦᠷᠰᠦ ᠪᠠᠶᠢᠳᠠᠯ ᠣᠷᠴᠢᠨ ᠲᠣᠭᠤᠷᠢᠨ ᠤ ᠪᠤᠵᠠᠷ ᠡᠷᠦᠢ ᠬᠤᠷᠤᠢ ᠦᠭᠡᠢ ᠠᠨᠠᠢ ᠵᠡᠷᠭᠡ ᠳᠤᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠡᠯ᠎ᠡ ᠲᠣᠰᠬᠤᠨ ᠤ ᠬᠢᠨ ︽ᠬᠤᠶᠠᠷ ᠵᠥᠪᠯᠡᠯ︾ ᠤᠨ ᠪᠦᠷᠢᠯᠳᠦᠬᠦᠨ᠂ | ᠨᠠᠮ ᠤᠨ ᠭᠡᠰᠢᠭᠦᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ᠂ ᠰᠠᠶᠢᠨ ᠳᠤᠷ᠎ᠠ ᠶᠢᠨ ᠠᠵᠢᠯᠯᠠᠭᠴᠢ | ᠵᠡᠷᠭᠡ ᠬᠦᠴᠦᠨ ᠢ ᠵᠣᠬᠢᠶᠠᠨ ᠪᠠᠶᠢᠭᠤᠯᠵᠤ᠂ ᠶᠡᠭᠡ ᠴᠡᠪᠡᠷᠯᠡᠯᠲᠡ᠂ ᠶᠡᠭᠡ ᠴᠡᠭᠴᠡᠯᠡᠨ ᠵᠠᠰᠠᠯᠲᠠ ᠶᠢ ᠲᠣᠣᠷ ᠲᠠᠲᠠᠬᠤ | ᠬᠡᠯᠪᠡᠷᠢ ᠪᠠᠷ ᠦᠷᠨᠢᠭᠦᠯᠵᠦ᠂ ᠠᠷᠢᠭᠤᠨ ᠴᠡᠪᠡᠷ ᠤᠨ ᠦᠯᠦ ᠣᠨᠤᠭᠳᠠᠬᠤ ᠭᠠᠵᠠᠷ ᠢ ᠪᠦᠬᠦ ᠲᠠᠯ᠎ᠠ ᠪᠠᠷ ᠪᠠᠶᠢᠴᠠᠭᠠᠨ | ᠴᠡᠪᠡᠷᠯᠡᠵᠦ᠂ ᠪᠠᠯᠠᠢ ᠭᠠᠵᠠᠷ ᠢ ᠪᠦᠬᠦ ᠲᠠᠯ᠎ᠠ ᠪᠠᠷ ᠠᠷᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠡᠭᠡ ᠵᠡᠭᠡᠯᠢ | ᠵᠢᠵᠢᠭ ᠭᠤᠳᠤᠮᠵᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠨ᠎ᠠ᠃ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠬᠦ ᠶᠢ | ᠪᠡᠶᠡᠯᠡᠭᠦᠯᠦᠨ᠎ᠡ | ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ | ᠰᠢᠢᠳᠪᠦᠷᠢᠯᠡᠬᠦ ᠶᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠥᠬᠦ ᠶᠠᠪᠤᠴᠠ ᠳᠤ ᠲᠤᠭᠤᠰᠢᠯᠠᠭᠤᠯᠬᠤ ᠶᠢ | ᠪᠠᠷᠢᠮᠲᠠᠯᠠᠵᠤ᠂ ᠵᠠᠰᠠᠮᠠᠯ ᠵᠠᠮ ᠤᠨ ᠭᠤᠤᠯ ᠱᠤᠭᠤᠮ ᠵᠢᠴᠢ ᠡᠯ᠎ᠡ ᠲᠣᠰᠬᠤᠨ ᠳᠤᠭᠤᠶᠢᠯᠠᠩ ᠤᠨ ᠵᠠᠮ ᠤᠨ ᠬᠤᠶᠠᠷ ᠬᠠᠵᠠᠭᠤ | ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ | ᠣᠪᠣᠭᠠᠯᠠᠵᠤ ᠳᠤᠷ᠎ᠠ ᠪᠠᠷ ᠢᠶᠠᠨ ᠵᠢᠭᠰᠠᠭᠠᠬᠤ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ | ᠬᠠᠶᠠᠵᠤ ᠳᠤᠷ᠎ᠠ ᠪᠠᠷ ᠢᠶᠠᠨ ᠴᠢᠳᠬᠤᠬᠤ ᠵᠡᠷᠭᠡ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ | ᠡᠭᠦᠨ ᠤ ᠬᠠᠮᠲᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠶᠢ ᠢᠳᠡᠪᠬᠢᠲᠡᠶ ᠵᠣᠬᠢᠴᠠᠭᠤᠯᠵᠤ᠂ 111 | ᠤᠯᠤᠰ ᠤᠨ ᠵᠠᠮ ︵ᠰᠠᠨ ᠪᠦᠦ ᠱᠠᠨ ᠲᠣᠰᠬᠤᠨ᠂ ᠺᠠᠩ ᠵᠢᠶᠠ ᠳ᠋ᠢᠶᠠᠨ ᠲᠣᠰᠬᠤᠨ ᠤ ᠵᠠᠮ ᠤᠨ ᠬᠡᠰᠡᠭ︶ ᠢ ᠲᠣᠭᠲᠠᠭᠠᠵᠤ᠂ | ᠵᠠᠮ ᠳᠠᠭᠠᠤ ᠶᠢᠨ ᠲᠠᠷᠠᠬᠠᠶ ᠪᠤᠲᠠᠷᠬᠠᠶ ᠬᠤᠭ ᠨᠣᠪᠰᠢ ᠶᠢ ᠲᠡᠭᠦᠬᠦ ᠠᠵᠢᠯ ᠢ ᠣᠷᠴᠢᠨ ᠲᠣᠭᠤᠷᠢᠨ ᠤ ᠠᠷᠢᠭᠤᠨ ᠴᠡᠪᠡᠷ ᠤᠨ | ᠺᠣᠮᠫᠠᠨᠢ ᠠᠴᠠ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠶᠢ ᠪᠡᠶᠡᠯᠡᠭᠦᠯᠦᠨ᠎ᠡ᠃ ᠣᠳᠣᠬᠠᠨ ᠳᠤ᠂ ᠰᠢᠨ | ᠾᠦᠢ ᠪᠠᠯᠭᠠᠰᠤᠨ ᠤ ᠡᠳᠦᠷ ᠤᠨ ᠬᠤᠭ ᠨᠣᠪᠰᠢ ᠶᠢ 488 ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ ᠡᠨᠡ ᠵᠢᠯ ᠪᠥᠬᠦ | ᠪᠠᠯᠭᠠᠰᠤ ᠪᠠᠷ ᠢᠶᠠᠨ ᠨᠡᠶᠢᠲᠡ 9.3 ᠲᠦᠮᠡ ᠭᠠᠷᠤᠶ ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠡᠭᠦᠨ ᠳᠤ | ᠰᠦᠯᠢᠶᠣᠣ ᠬᠤᠭ ᠨᠣᠪᠰᠢ ᠶᠢ 6 ᠲᠦᠮᠡ ᠭᠠᠷᠤᠶ ᠲᠣᠨ ᠴᠡᠪᠡᠷᠯᠡᠵᠦ᠂ ᠮᠠᠯ ᠵᠢᠭᠦᠷᠲᠡᠨ ᠤ ᠲᠡᠵᠢᠭᠡᠪᠦᠷᠢ ᠶᠢᠨ ᠪᠠᠭᠠᠰᠤ | ᠰᠢᠭᠡᠰᠦ ᠶᠢ 1 ᠲᠦᠮᠡ ᠭᠠᠷᠤᠶ ᠲᠣᠨ ᠴᠡᠪᠡᠷᠯᠡᠵᠦ᠂ ᠪᠠᠷᠢᠯᠭ᠎ᠠ ᠶᠢᠨ ᠬᠤᠭ ᠨᠣᠪᠰᠢ ᠶᠢ 2 ᠲᠦᠮᠡ ᠭᠠᠷᠤᠶ ᠲᠣᠨ ᠴᠡᠪᠡᠷᠯᠡᠵᠦ | ᠂ 7 ᠭᠠᠵᠠᠷ ᠳᠤᠷ᠎ᠠ ᠪᠠᠷ ᠢᠶᠠᠨ ᠪᠠᠶᠢᠭᠤᠯᠤᠭᠰᠠᠨ ᠢ ᠨᠤᠷᠠᠭᠠᠪᠠ᠃ ᠰᠢᠨ ᠾᠦᠢ ᠪᠠᠯᠭᠠᠰᠤ ᠪᠦᠬᠦ ᠲᠠᠯ᠎ᠠ ᠪᠠᠷ ᠵᠠᠰᠠᠬᠤ ᠶᠢᠨ | ᠬᠠᠮᠲᠤ᠂ ᠭᠤᠣᠯᠳᠠᠯᠭ᠎ᠠ ᠲᠠᠢ ᠣᠷᠣᠨ ᠪᠦᠰᠡ ᠶᠢᠨ ᠣᠨᠴᠠᠭᠠᠢ ᠰᠢᠢᠳᠪᠦᠷᠢᠯᠡᠬᠦ ᠠᠵᠢᠯ ᠤᠨ ᠵᠠᠭᠪᠤᠷ ᠢ ᠬᠡᠷᠡᠭᠵᠢᠭᠦᠯᠵᠦ᠂ ᠴᠡᠭ | ᠳᠠᠷᠠᠭᠠᠯᠠᠨ ᠬᠡᠰᠡᠭ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠪᠠᠲᠤᠯᠠᠨ᠎ᠠ᠃ | ᠣᠷᠳᠣ ᠬᠤᠭᠤᠴᠠᠭᠠᠨ ᠤ ᠪᠦᠳᠦᠮᠵᠢᠲᠠᠢ ᠲᠣᠠᠠᠳᠡᠴᠠ ᠶᠢ ᠪᠠᠶᠢᠭᠤᠯᠵᠦ᠂ ᠴᠡᠭᠴᠡᠯᠡᠨ ᠰᠠᠶᠢᠵᠢᠷᠡᠭᠤᠯᠵᠦ | ᠨᠡᠶᠢᠳᠡᠪᠦᠷᠢᠵᠢᠭᠤᠯᠬᠤ ᠶᠢ ᠠᠬᠢᠭᠤᠯᠥᠨ᠎ᠠ | ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠪᠠᠯᠭᠠᠰᠤᠨ ᠤ | ᠶᠡᠷᠦᠩᠬᠡᠶᠢᠯᠡᠭᠰᠡᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠶᠢ ᠪᠠᠷᠢᠮᠲᠠᠯᠠᠵᠤ᠂ ︽ | ᠡᠳᠦᠷ ᠤᠨ ᠪᠦᠷᠢᠳᠬᠡᠯ᠂ ᠡᠳᠦᠷ ᠤᠨ ᠲᠣᠬᠢᠷᠠᠭᠤᠯᠤᠯᠲᠠ᠂ ᠭᠠᠷᠠᠭ ᠤᠨ ᠨᠡᠷᠡᠰ ᠤᠨ ᠵᠢᠭᠰᠠᠭᠠᠯᠲᠠ︾ ᠪᠠ ︽ᠤᠯᠠᠭᠠᠨ ᠬᠠᠷ᠎ᠠ | ᠰᠠᠮᠪᠠᠷ᠎ᠠ︾ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠶ ᠠᠵᠢᠯᠯᠠᠭ᠎ᠠ ᠶᠢ ᠡᠳᠦᠷ ᠲᠤᠲᠤᠮ ᠤᠨ ᠪᠠ | ᠪᠠᠶᠢᠩᠭᠤ ᠶᠢᠨ ᠴᠢᠨᠠᠷᠲᠠᠶ ᠠᠳᠬᠤᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ | ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠲᠣᠰᠬᠤᠨ ᠤ ᠴᠡᠭᠴᠡᠯᠡᠨ ᠵᠠᠰᠠᠭᠰᠠᠨ ᠪᠠᠶᠢᠳᠠᠯ ᠢ | ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠱᠠᠯᠠᠪᠳᠠᠭᠤᠯᠤᠨ ᠴᠡᠭᠴᠡᠯᠡᠨ | ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠭᠦ ᠱᠠᠯᠠᠪᠳᠠᠭᠤᠯᠵᠤ ᠂ ᠴᠡᠭᠴᠡᠯᠡᠨ ᠵᠠᠰᠠᠬᠤ | ᠠᠵᠢᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ᠂ ᠪᠠᠶᠢᠩᠭᠤᠵᠢᠭᠰᠠᠨ᠂ ᠨᠠᠷᠢᠯᠢᠬᠵᠢᠭᠤᠯᠬᠤ ᠶᠢ ᠪᠡᠶᠡᠯᠡᠭᠦᠯᠦᠨ᠎ᠡ᠃ |