| ᠤᠷᠢᠬᠠᠨ ᠬᠠᠪᠤᠷ ᠢᠷᠡᠬᠦ ᠳᠤ᠂ ᠲᠦᠮᠡᠨ ᠪᠣᠳᠠᠰ ᠠᠮᠢᠯᠠᠵᠤ᠂ ᠮᠣᠳᠣ ᠲᠠᠷᠢᠵᠤ ᠣᠶᠢᠵᠢᠭᠤᠯᠬᠤ ᠰᠠᠶᠢᠬᠠᠨ ᠴᠠᠭ ᠦᠶ᠎ᠡ | ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠮᠣᠳᠤᠨ ᠠᠶᠢᠯ ᠰᠢᠶᠠᠩ ᠬᠠᠪᠤᠷ ᠤᠨ ᠤᠯᠠᠷᠢᠯ ᠤᠨ ᠣᠶᠢᠵᠢᠭᠤᠯᠬᠤ ᠰᠢᠵᠢᠷ | ᠠᠯᠲᠠᠨ ᠤᠯᠠᠷᠢᠯ ᠢ ᠵᠠᠪᠳᠤᠨ ᠠᠳᠬᠤᠵᠤ᠂ ᠬᠠᠪᠤᠷ ᠤᠨ ᠤᠯᠠᠷᠢᠯ ᠤᠨ ᠨᠥᠬᠦᠵᠦ ᠳᠠᠷᠢᠬᠤ ᠠᠵᠢᠯ ᠢ ᠡᠮᠬᠢ ᠵᠢᠷᠤᠮ ᠲᠠᠢ | ᠥᠷᠨᠢᠭᠦᠯᠪᠡ᠃ | ᠨᠥᠬᠦᠵᠦ ᠳᠠᠷᠢᠵᠤ ᠣᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠰᠢᠶᠠᠩ ᠤᠨ ᠣᠶ ᠰᠢᠭᠤᠶ ᠨᠤᠲᠤᠭ ᠪᠡᠯᠴᠢᠭᠡᠷ ᠤᠨ ᠥᠷᠲᠡᠭᠡ ᠡᠮᠦᠨᠡᠬᠢ ᠬᠤᠭᠤᠴᠠᠭᠠᠨ ᠳᠤ ᠬᠠᠷᠢᠶᠠᠲᠤ ᠣᠷᠣᠨ ᠤ | ᠳᠣᠲᠣᠷᠠᠬᠢ ᠴᠢᠬᠢ ᠮᠣᠳᠣ ᠦᠬᠦᠭᠰᠡᠨ ᠪᠠ ᠳᠤᠲᠠᠭᠳᠠᠭᠰᠠᠨ ᠲᠤᠭ᠎ᠠ ᠬᠡᠮᠵᠢᠶ᠎ᠡ ᠶᠢ ᠨᠠᠷᠢᠨ ᠪᠦᠷᠢᠳᠬᠡᠬᠦ ᠪᠠᠷ ᠳᠠᠮᠵᠢᠭᠤᠯᠤᠨ᠂ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠥᠬᠦᠵᠦ ᠳᠠᠷᠢᠬᠤ | ᠲᠥᠯᠥᠪᠯᠡᠭᠡ ᠶᠢ ᠲᠣᠭᠲᠠᠭᠠᠪᠠ᠃ | ᠨᠥᠬᠦᠵᠦ ᠲᠠᠷᠢᠵᠤ ᠣᠶᠢᠵᠢᠭᠤᠯᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ | ᠲᠣᠳᠣᠷᠬᠠᠢ᠂ ᠬᠦᠷᠵᠡ ᠠᠳᠬᠤᠨ ᠨᠦᠭᠡ ᠮᠠᠯᠲᠠᠵᠤ᠂ ᠴᠢᠬᠢ ᠶᠢ ᠲᠦᠰᠢᠵᠦ ᠭᠢᠰᠬᠢᠵᠦ᠂ ᠬᠤᠪᠠᠭ᠋ᠠᠶᠢᠷᠠᠭᠰᠠᠨ ᠴᠢᠬᠢ | ᠮᠣᠳᠣ ᠶᠢ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠨᠥᠬᠦᠵᠦ ᠲᠠᠷᠢᠵᠤ᠂ ᠳᠠᠭᠤᠰᠤᠭᠰᠠᠨ ᠤ ᠳᠠᠷᠠᠭ᠎ᠠ ᠴᠠᠭ | ᠲᠤᠬᠠᠢ ᠳᠤᠨᠢ ᠤᠰᠤᠯᠠᠵᠤ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ | ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠰᠢᠶᠠᠩ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠥᠷᠲᠡᠭᠡ ᠬᠠᠮᠢᠶ᠎ᠠ ᠪᠥᠬᠦᠶ ᠲᠣᠰᠬᠤᠨ ᠳᠤ | ᠬᠦᠷᠴᠦ ᠣᠶᠢᠵᠢᠭᠤᠯᠬᠤ ᠲᠤᠬᠠᠶ ᠶᠢᠨ ᠲᠠᠯᠠᠪᠠᠶ ᠶᠢ ᠨᠢᠭᠡ ᠨᠢᠭᠡ ᠪᠠᠷ ᠪᠠᠶᠢᠴᠠᠭᠠᠨ ᠦᠵᠡᠵᠦ᠂ ᠮᠣᠳᠣ ᠳᠠᠷᠢᠬᠤ ᠶᠠᠰᠤ ᠴᠢᠨᠠᠷ᠂ | ᠬᠥᠷᠥᠰᠥ ᠰᠢᠷᠣᠶ ᠶᠢ ᠰᠠᠶᠢᠵᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠳᠤ ᠨᠠᠷᠢᠨ ᠨᠢᠮᠪᠠᠶ ᠪᠠᠶᠢᠴᠠᠭᠠᠯᠲᠠ ᠬᠢᠵᠦ᠂ ᠨᠥᠬᠦᠵᠦ ᠳᠠᠷᠢᠵᠤ ᠣᠶᠢᠵᠢᠭᠤᠯᠬᠤ ᠨᠢ ᠲᠤᠭ᠎ᠠ ᠬᠡᠮᠵᠢᠶ᠎ᠡ ᠶᠢ | ᠴᠢᠬᠤᠯᠠᠴᠢᠯᠠᠬᠤ ᠪᠠᠷ ᠪᠠᠷᠠᠬᠤ ᠥᠬᠡᠶ᠂ ᠶᠠᠰᠤ ᠴᠢᠨᠠᠷ ᠢ ᠨᠠᠩ ᠴᠢᠬᠤᠯᠠᠴᠢᠯᠠᠵᠤ᠂ ᠮᠣᠳᠣᠨ ᠤ ᠡᠳᠡᠭᠡᠷᠡᠯᠲᠡ ᠶᠢᠨ ᠨᠣᠷᠮ᠎ᠠ ᠪᠠ | ᠤᠷᠭᠤᠯᠲᠠ ᠶᠢᠨ ᠣᠷᠴᠢᠨ ᠲᠣᠭᠤᠷᠢᠨ ᠢ ᠦᠨᠡᠨ ᠬᠦ ᠪᠠᠲᠤᠯᠠᠵᠤ᠂ ᠲᠤᠬᠠᠶ ᠶᠢᠨ ᠲᠠᠯᠠᠪᠠᠢ ᠳᠤ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ᠂ ᠰᠠᠶᠢᠵᠢᠷᠠᠭᠤᠯᠬᠤ ᠪᠣᠳᠠᠲᠠᠶ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ |