ᠮᠣᠳᠤᠨ ᠠᠶᠢᠯ ᠰᠢᠶᠠᠩ᠄  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠠᠷᠠᠯᠵᠢᠶ᠎ᠠ ᠡᠵᠡᠩᠨᠡᠬᠦ ᠰᠢᠶᠠᠩ ᠪᠠᠯᠭᠠᠰᠤ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/2
         ᠮᠣᠳᠤᠨ ᠠᠶᠢᠯ ᠰᠢᠶᠠᠩ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ᠂ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠴᠡ ᠪᠠᠨ ᠢᠳᠡᠪᠬᠢᠲᠡᠢ ᠥᠷᠭᠡᠳᠬᠡᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠵᠠᠰᠠᠭ ᠠᠵᠤ ᠠᠬᠤᠶᠢᠯᠠᠯ ᠤᠨ ︽ᠰᠡᠳᠬᠢᠯ ᠤᠨ ᠬᠥᠭᠦᠷᠭᠡ︾ ᠶᠢ ᠪᠠᠶᠢᠭᠤᠯᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠰᠢᠶᠠᠩ ᠪᠠᠯᠭᠠᠰᠤ ᠶᠢ ᠪᠠᠶᠢᠭᠤᠯᠤᠨ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠠ ᠲᠣᠬᠢᠶᠠᠯ ᠪᠣᠯᠭᠠᠵᠤ᠂ ᠴᠣᠩᠬᠤᠪᠴᠢ ᠶᠢᠨ ᠠᠵᠢᠯᠲᠠᠨ ᠤ ᠰᠤᠷᠲᠠᠯ ᠢᠶᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠣᠯᠠᠨ ᠲᠦᠮᠡᠨ ᠲᠠᠢ ᠰᠡᠳᠬᠢᠯ ᠤᠨ ᠦᠭᠡ ᠪᠠᠨ ᠶᠠᠷᠢᠯᠴᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠠᠰᠠᠭᠤᠨ ᠯᠠᠪᠯᠠᠵᠤ᠂ ᠣᠯᠠᠨ ᠲᠦᠮᠡᠨ ᠤ ᠬᠠᠮᠤᠭ ᠤᠨ ᠦᠨᠡᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠰᠠᠨᠠᠯ ᠢ ᠡᠵᠡᠮᠰᠢᠨ᠂ ᠨᠠᠷᠢᠯᠢᠭ ᠣᠨᠤᠪᠴᠢᠲᠠᠢ ᠪᠠᠷ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠢᠴᠡᠳᠭᠡᠬᠦ ᠴᠠᠭ ᠢ ᠤᠯᠠᠮ ᠨᠢᠭᠡ ᠠᠯᠬᠤᠮ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠢᠶᠠᠨ ᠣᠯᠠᠨ ᠲᠦᠮᠡᠨ ᠤ ᠰᠡᠳᠬᠢᠯ ᠳᠤ  ᠬᠠᠳᠠᠩᠰᠢᠭᠤᠯᠤᠨ᠎ᠠ᠃ ᠣᠳᠣᠬᠠᠨ ᠳᠤ᠂ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠦᠢᠯᠡᠴᠢᠯᠡᠭᠡᠨ ᠤ  ᠵᠦᠢᠯᠡᠰ ᠢ ᠨᠡᠶᠢᠲᠡ 300 ᠭᠠᠷᠤᠶ ᠬᠤᠪᠢ ᠭᠥᠯᠢᠶᠡᠨ ᠠᠪᠴᠤ  ᠰᠢᠢᠳᠪᠦᠷᠢᠯᠡᠵᠦ᠂ ᠠᠵᠢᠯ ᠶᠠᠪᠤᠳᠠᠯ  ᠭᠦᠢᠴᠡᠳᠬᠡᠬᠦ 700 ᠬᠥᠮᠦᠨ ︵ᠤᠳᠠᠭ᠎ᠠ︶ ᠢ ᠭᠥᠯᠢᠶᠡᠨ ᠠᠪᠴᠤ᠂ ᠴᠠᠭ ᠲᠤᠬᠠᠶ ᠳᠤᠨᠢ ᠭᠦᠢᠴᠡᠳᠬᠡᠵᠦ ᠳᠠᠭᠤᠰᠬᠠᠭᠰᠠᠨ ᠨᠣᠷᠮ᠎ᠠ 100% ᠬᠦᠷᠪᠡ᠃    ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠡᠯ᠎ᠡ ᠳᠠᠭᠠᠭᠠᠴᠢᠯᠠᠭᠰᠠᠨ ᠲᠣᠰᠬᠤᠨ ᠤ ᠠᠵᠢᠯᠯᠠᠬᠤ ᠳᠤᠭᠤᠶᠢᠯᠠᠩ ᠪᠠᠶᠢᠩᠭᠤᠵᠢᠭᠤᠯᠤᠨ ᠠᠵᠤ ᠠᠬᠤᠶᠢᠯᠠᠯ ᠢ ᠳᠠᠭᠠᠭᠠᠴᠢᠯᠠᠨ ᠠᠳᠬᠤᠵᠤ᠂ ᠠᠵᠤ ᠠᠬᠤᠶᠢᠯᠠᠯ ᠳᠤ ᠪᠥᠬᠦ ᠲᠠᠯ᠎ᠠ ᠪᠠᠷ ᠭᠦᠨᠵᠡᠭᠡᠶᠢᠷᠡᠨ ᠬᠡᠷᠡᠭᠴᠡᠭᠡ ᠶᠢ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠲᠤᠭ᠎ᠠ ᠶᠢ ᠤᠶᠢᠯᠠᠭᠠᠨ᠂ ᠬᠥᠭᠵᠢᠯᠲᠡ ᠶᠢᠨ ᠪᠣᠳᠠᠲᠤ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠤᠶᠢᠯᠠᠭᠠᠨ ᠡᠵᠡᠮᠰᠢᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠬᠤ ᠶᠢᠨ ᠬᠠᠮᠲᠤ ᠠᠵᠢᠯ ᠤᠨ ᠡᠬᠡ ᠲᠠᠩᠰᠠ ᠪᠠᠶᠢᠭᠤᠯᠵᠤ᠂ ᠪᠥᠬᠦ ᠶᠠᠪᠤᠴᠠ ᠪᠠᠷ ᠮᠥᠷᠳᠡᠨ ᠵᠣᠬᠢᠴᠠᠭᠤᠯᠵᠤ ᠪᠠᠶᠢᠭᠠᠳ ᠬᠦᠴᠢᠷᠳᠡᠯ ᠢ ᠰᠢᠢᠳᠪᠦᠷᠢᠯᠡᠨ᠂ ᠦᠨᠡᠨ ᠬᠦ ᠳᠠᠭᠠᠭᠠᠨ ᠠᠳᠬᠤᠵᠤ᠂ ᠦᠨᠡᠨ ᠬᠦ ᠬᠠᠪᠰᠤᠷᠤᠨ ᠲᠡᠳᠬᠦᠬᠦ ᠶᠢ  ᠪᠡᠶᠡᠯᠡᠭᠦᠯᠦᠨ᠎ᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ ᠲᠦᠷᠦ ᠶᠢᠨ ᠪᠤᠳᠤᠯᠭ᠎ᠠ ᠶᠢᠨ ᠬᠠᠮ ᠠᠷᠭ᠎ᠠ ᠬᠡᠮᠵᠢᠶ᠎ᠡ ᠠᠪᠴᠤ᠂ ᠨᠢᠭᠤᠷᠳᠠᠨ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠎ᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ 10 ᠲᠠᠯᠠᠪᠤᠷ ᠤᠳᠠᠭ᠎ᠠ ᠥᠷᠨᠢᠭᠦᠯᠵᠦ᠂ 20 ᠵᠤᠷᠪᠤᠰ ᠲᠥᠷᠥ ᠶᠢᠨ ᠪᠣᠳᠣᠯᠭ᠎ᠠ ᠶᠢ ᠬᠠᠪᠰᠤᠷᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠵᠠᠮ ᠢ ᠬᠠᠲᠠᠭᠤᠷᠠᠭᠤᠯᠬᠤ᠂ ᠵᠢᠭᠡᠯᠡᠯᠭᠡ᠂ ᠭᠠᠵᠠᠷ ᠰᠢᠷᠣᠶ ᠶᠢ ᠡᠷᠭᠢᠯᠳᠦᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃    ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠢ ᠪᠠᠲᠤᠯᠠᠨ᠎ᠠ᠃ ᠠᠮᠤᠷ ᠲᠦᠪᠰᠢᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂  ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠣᠯᠤᠨ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠲᠤᠯᠭᠠᠮ᠎ᠠ ᠰᠡᠳᠬᠢᠯᠭᠡ ᠪᠠᠷ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠠᠵᠤ ᠠᠬᠤᠶᠢᠯᠠᠯ ᠢ ᠰᠤᠷᠪᠤᠯᠵᠢᠯᠠᠬᠤ ᠪᠠ  ᠠᠶᠤᠯᠭᠦᠢ ᠦᠢᠯᠡᠳᠪᠦᠷᠢᠯᠡᠯ ᠢ ︽ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠬᠤ︾ ᠶᠢ ᠪᠠᠷᠢᠮᠲᠠᠯᠠᠵᠤ᠂ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠲᠣᠪᠤᠶᠢᠮ᠎ᠠ ᠭᠤᠤᠯᠳᠠᠯᠭ᠎ᠠ ᠲᠠᠢ ᠠᠵᠢᠯ ᠲᠥᠷᠥᠯ᠂ ᠴᠢᠬᠤᠯᠠ ᠬᠦᠷᠢᠶᠡᠨ ᠤ ᠠᠰᠠᠭᠤᠳᠠᠯ ᠤᠨ ᠳᠠᠯᠳᠠ ᠬᠡᠮ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠲᠠᠩᠰᠠ ᠬᠠᠷᠭᠤᠭᠤᠯᠵᠤ ᠳ᠋ᠤᠭᠠᠷ ᠢ ᠨᠢ ᠬᠠᠰᠤᠵᠤ᠂ ᠣᠶᠤᠨ ᠴᠢᠳᠠᠯ ᠢᠶᠠᠨ ᠨᠢᠭᠡᠳᠦᠭᠡᠷ ᠹᠷᠣᠨᠲ ᠲᠤ ᠲᠥᠪᠯᠡᠷᠡᠭᠦᠯᠵᠦ᠂ ᠬᠠᠷᠢᠭᠤᠴᠠᠯᠭ᠎ᠠ ᠶᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠤᠨ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠬᠥᠭᠵᠢᠯᠲᠡ ᠶᠢᠨ ᠲᠣᠭᠲᠠᠭᠤᠨ ᠢᠶᠠᠷ ᠬᠥᠭᠵᠢᠬᠦ ᠶᠢ  ᠪᠠᠲᠤᠯᠠᠨ᠎ᠠ᠃    ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ︽ᠬᠤᠷᠭᠤᠳᠠᠬᠤ ᠴᠡᠭ︾ ᠢ ᠨᠡᠪᠲᠡᠷᠡᠭᠦᠯᠦᠨ᠂ ︽ᠪᠠᠯᠠᠶ ᠴᠡᠭ︾ ᠢ ᠨᠥᠬᠦᠪᠥᠷᠢᠯᠡᠵᠦ᠂ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠤᠯᠠᠮ ᠳᠥᠭᠦᠮ ᠳᠥᠲᠡ ᠪᠣᠯᠵᠣ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠤᠯᠠᠮ ᠨᠡᠭᠡᠭᠡᠯᠲᠡ ᠲᠠᠢ ᠪᠣᠯᠵᠣ᠂ ᠵᠠᠰᠠᠭ ᠤᠨ ᠣᠷᠳᠣᠨ ᠠᠷᠠᠯᠵᠢᠶᠠᠴᠢᠨ ᠤ ᠣᠷᠴᠢᠨ ᠨᠥᠬᠦᠴᠡᠯ ᠶᠠᠪᠤᠬᠤ ᠲᠤᠲᠤᠮ ᠠᠷᠢᠭᠤᠨ ᠴᠢᠬᠡᠴᠢ ᠪᠣᠯᠵᠣ᠂ ᠪᠥᠬᠦ ᠰᠢᠶᠠᠩ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号