ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/2
         C:\Users\Administrator\Desktop\1.jpg   
    4 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ ᠯᠢᠦᠶ ᠰᠢ ᠮᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠴᠠᠩ ᠱᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠠᠨ ᠮᠢᠨ ᠬᠤᠷᠠᠯ ᠳᠤ ᠣᠷᠣᠯᠴᠠᠵᠤ᠂ ᠯᠢᠦᠶ ᠰᠢ ᠮᠢᠨ ᠬᠤᠷᠠᠯ ᠢ ᠡᠷᠭᠢᠯᠡᠪᠡ᠃       ᠬᠤᠷᠠᠯ ᠳᠡᠭᠡᠷ᠎ᠡ᠂ ᠯᠢᠦᠶ ᠰᠢ ᠮᠢᠨ ᠣᠷᠤᠨ᠂ ᠬᠤᠲᠠ ᠬᠤᠶᠠᠷ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠵᠢᠶ ᠰᠢᠤᠢ ᠳ᠋ᠦᠩ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     ᠮᠠ ᠯᠢ ᠬᠤᠸᠠ ᠶᠠᠷᠢᠶᠠᠨ ᠳᠠᠭᠠᠨ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠯᠠᠷᠢᠯ ᠤᠨ ᠴᠢᠨᠠᠷ ᠢᠶᠠᠷ ᠴᠢᠩᠭ᠎ᠠ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠦᠴᠦᠨ ᠲᠠᠢ ᠬᠤᠭᠤᠴᠠᠭ᠎ᠠ ᠶᠢᠨ ᠱᠠᠭᠠᠷᠳᠠᠯᠭ᠎ᠠ ᠥᠨᠳᠥᠷ ᠪᠠᠶᠢᠵᠤ᠂ ᠬᠦᠯᠢᠶᠡᠵᠦ ᠪᠣᠯᠬᠤ ᠥᠬᠡᠶ᠂ ᠤᠳᠠᠭᠠᠰᠢᠷᠠᠭᠤᠯᠵᠤ ᠪᠣᠯᠬᠤ ᠥᠬᠡᠶ᠂ ᠡᠷᠬᠡᠪᠰᠢ ᠡᠷᠲᠡᠬᠡᠨ ᠳᠣᠭᠢᠷᠠᠭᠤᠯᠵᠤ᠂ ᠱᠠᠯᠠᠪᠳᠠᠭᠤᠯᠤᠨ ᠪᠡᠶᠡᠯᠡᠭᠦᠯᠬᠦ ᠬᠡᠷᠡᠭᠲᠡᠶ ᠭᠡᠵᠦ ᠵᠢᠭᠠᠨ ᠭᠠᠷᠭᠠᠪᠠ᠃ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠲᠡᠷᠡ᠂ ᠨᠢᠭᠡ ᠳᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠣᠳᠠᠲᠠᠶ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠬᠡᠮᠵᠢᠶ᠎ᠡ ᠣᠯᠠᠨ ᠴᠢᠨᠠᠷ  ᠰᠢᠯᠢᠳᠡᠭ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠢᠶᠠᠷ  ᠠᠬᠢᠭᠤᠯᠬᠤ ᠬᠡᠷᠡᠭᠲᠡᠢ᠃ ᠬᠤᠶᠠᠷ ᠲᠤ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠲᠠᠷᠢᠶᠠᠯᠠᠩ ᠤᠨ ᠡᠬᠢᠯᠡᠯᠲᠡ ᠠᠵᠤ ᠦᠢᠯᠡᠳᠪᠦᠷᠢ ᠶᠢᠨ ᠰᠡᠭᠦᠯᠴᠢ︾᠂ ︽ᠠᠮᠤ ᠪᠤᠳᠠᠭ᠎ᠠ ᠶᠢᠨ ᠡᠬᠢᠯᠡᠯᠲᠡ ᠢᠳᠡᠭᠡᠨ ᠤ ᠰᠡᠭᠦᠯᠴᠢ︾ ᠤᠨ ᠠᠵᠢᠯ ᠢ ᠰᠠᠶᠢᠲᠤᠷ ᠬᠢᠵᠦ᠂ ᠠᠩᠬ᠎ᠠ ᠵᠡᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠵᠤ ᠥᠷᠲᠡᠭ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠵᠤ᠂ ᠲᠦᠷᠦᠯ ᠲᠡᠮᠳᠡᠭ ᠡᠭᠦᠳᠬᠦ ᠶᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠯᠬᠤᠴᠠ ᠶᠢ  ᠲᠦᠷᠭᠡᠳᠬᠡᠬᠦ ᠬᠡᠷᠡᠭᠲᠡᠢ᠃ ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠤᠨ ᠲᠥᠷᠥᠯ ᠵᠦᠢᠯ ᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ ᠥᠷᠭᠡᠳᠬᠡᠬᠦ ᠬᠡᠷᠡᠭᠲᠡᠶ᠃ ᠲᠦᠷᠪᠡ ᠳᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠦᠭᠦᠴᠡᠯ ᠲᠠᠭᠠᠯᠠᠮᠵᠢᠲᠠᠶ ᠪᠠᠶᠢᠬᠤ᠂ ᠰᠠᠭᠤᠷᠢ ᠲᠥᠬᠦᠭᠡᠷᠦᠮᠵᠢ ᠶᠢᠨ ᠪᠦᠷᠢᠨ ᠭᠦᠢᠴᠡᠳ ᠪᠠᠶᠢᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠥᠭᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠢ᠃ ᠲᠠᠪᠤ ᠳᠤ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠤᠬᠠᠶ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠳᠣᠤᠷᠠᠳᠤ ᠱᠠᠲᠤ ᠶᠢ ᠨᠡᠪᠲᠡᠷᠡᠯᠴᠡᠭᠦᠯᠬᠦ᠂ ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠡᠴᠦᠰ ᠲᠤᠨᠢ ᠲᠤᠯᠲᠠᠯ᠎ᠠ ᠠᠳᠬᠤᠬᠤ ᠠᠵᠢᠯ ᠤᠨ ᠰᠢᠰᠲ᠋ᠧᠮ ᠢ  ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
C:\Users\Administrator\Desktop\2.jpg
    ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号