ᠵᠢᠵᠢᠭ ᠪᠠᠷᠢᠯᠭ᠎ᠠ ᠶᠢ ᠰᠢᠯᠭᠠᠨ ᠠᠪᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ
ᠨᠡᠶᠢᠲᠡᠯᠡᠭᠰᠡᠨ ᠴᠠᠭ᠄
2024/4/22
    ᠰᠢᠯᠭᠠᠨ ᠠᠪᠬᠤ ᠪᠣᠯ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠴᠢᠬᠤᠯᠠ ᠵᠠᠩᠭᠢᠯᠠᠭ᠎ᠠ ᠪᠣᠯᠤᠨ᠎ᠠ᠃ ᠭᠡᠪᠡᠴᠦ ᠬᠢᠨᠠᠨ ᠪᠤᠳᠤᠯᠲᠠ ᠶᠢᠨ ᠳᠤᠮᠳᠠ ᠣᠯᠵᠤ ᠮᠡᠳᠡᠭᠰᠡᠨ ᠨᠢ᠂ ᠵᠠᠷᠢᠮ ᠵᠢᠵᠢᠭ ᠬᠡᠯᠪᠡᠷᠢ ᠶᠢᠨ ᠪᠠᠷᠢᠯᠭ᠎ᠠ ᠶᠢ ᠰᠢᠯᠭᠠᠨ ᠠᠪᠬᠤ ᠳᠤ ᠵᠠᠷᠢᠮ ᠠᠰᠠᠭᠤᠳᠠᠯ ᠣᠷᠣᠰᠢᠵᠤ ᠪᠠᠶᠢᠨ᠎ᠠ᠂ ᠡᠳᠡᠭᠡᠷ ᠠᠰᠠᠭᠤᠳᠠᠯ ᠨᠢ ᠰᠢᠯᠭᠠᠨ ᠠᠪᠬᠤ ᠦᠷ᠎ᠡ ᠪᠦᠲᠦᠮᠵᠢ ᠶᠢ ᠨᠥᠯᠥᠭᠡᠯᠡᠬᠦ ᠪᠠᠷ ᠪᠠᠷᠠᠬᠤ ᠥᠬᠡᠶ᠂ ᠪᠠᠰᠠ ᠦᠷᠭᠦᠯᠵᠢᠯᠡᠨ ᠬᠡᠷᠡᠭᠯᠡᠬᠦ ᠳᠤ ᠳᠠᠯᠳᠠ ᠬᠡᠮ ᠠᠪᠴᠢᠷᠠᠵᠤ ᠮᠡᠳᠡᠨ᠎ᠡ᠃    ᠨᠢᠭᠡ᠂ ᠪᠠᠷᠢᠯᠭ᠎ᠠ ᠶᠢ ᠰᠢᠯᠭᠠᠨ ᠠᠪᠬᠤ ᠳᠤ ᠣᠷᠣᠰᠢᠵᠤ ᠪᠠᠶᠢᠭ᠎ᠠ ᠠᠰᠠᠭᠤᠳᠠᠯ    ᠨᠢᠭᠡ ᠳᠤ᠂ ᠰᠢᠯᠭᠠᠨ ᠠᠪᠬᠤ ᠪᠠᠷᠢᠮᠵᠢᠶ᠎ᠠ ᠲᠣᠳᠣᠷᠬᠠᠶ ᠦᠭᠡᠶ᠃ ᠬᠡᠰᠡᠭ ᠢᠨᠵᠧᠨᠧᠷᠢᠩ ᠨᠢ ᠰᠢᠯᠭᠠᠨ ᠠᠪᠬᠤ ᠱᠠᠲᠤᠨ ᠳᠤ ᠲᠣᠳᠣᠷᠬᠠᠶ ᠪᠠᠷᠢᠮᠵᠢᠶ᠎ᠠ ᠪᠤᠶᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠢ ᠴᠢᠩᠭ᠎ᠠ ᠪᠢᠰᠢ ᠪᠣᠯᠬᠤᠷ ᠰᠢᠯᠭᠠᠨ ᠠᠪᠬᠤ ᠦᠷ᠎ᠡ ᠳ᠋ᠦᠩ ᠳᠤ ᠪᠡᠶᠡᠴᠢ ᠴᠢᠨᠠᠷ ᠪᠠ ᠲᠣᠭᠲᠠᠭᠠᠯᠲᠤ ᠪᠤᠰᠤ ᠴᠢᠨᠠᠷ ᠣᠷᠣᠰᠢᠵᠤ ᠪᠠᠶᠢᠨ᠎ᠠ᠃ ᠡᠨᠡ ᠨᠢ ᠰᠢᠯᠭᠠᠨ ᠠᠪᠬᠤ ᠲᠥᠪ ᠭᠤᠣᠯᠴᠢ ᠴᠢᠨᠠᠷ ᠪᠠ ᠡᠷᠬᠡ ᠰᠦᠷᠲᠦ ᠴᠢᠨᠠᠷ ᠢ ᠨᠥᠯᠥᠭᠡᠯᠡᠭᠰᠡᠨ ᠢᠶᠠᠷ ᠪᠠᠷᠠᠬᠤ ᠦᠭᠡᠢ᠂ ᠪᠠᠰᠠ ᠲᠥᠷᠥᠯ ᠵᠦᠢᠯ ᠤᠨ ᠶᠠᠰᠤ ᠴᠢᠨᠠᠷ ᠢ ᠡᠵᠡᠮᠳᠡᠬᠦ ᠳᠤ ᠬᠦᠴᠢᠷᠳᠡᠯ ᠪᠣᠯᠤᠭᠰᠠᠨ ᠪᠠᠶᠢᠨ᠎ᠠ᠃    ᠬᠤᠶᠠᠷ ᠲᠤ᠂ ᠰᠢᠯᠭᠠᠨ ᠠᠪᠬᠤ ᠶᠠᠪᠤᠴᠠ ᠨᠢ ᠳᠦᠷᠢᠮᠵᠢᠭᠦᠨ ᠪᠤᠰᠤ ᠪᠠᠶᠢᠨ᠎ᠠ᠃ ᠵᠠᠷᠢᠮ ᠢᠨᠵᠧᠨᠧᠷᠢᠩ ᠨᠢ ᠰᠢᠯᠭᠠᠨ ᠠᠪᠬᠤ ᠶᠠᠪᠤᠴᠠ ᠶᠢᠨ ᠲᠠᠯ᠎ᠠ ᠪᠠᠷ ᠳᠤᠲᠠᠭᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠰᠢᠯᠭᠠᠨ ᠠᠪᠬᠤ ᠳᠡᠰ ᠳᠠᠷᠠᠭᠠᠯᠠᠯ ᠨᠢ ᠡᠮᠬᠢ ᠵᠠᠮᠪᠠᠷᠠᠭ᠎ᠠ ᠦᠭᠡᠢ᠂ ᠰᠢᠯᠭᠠᠨ ᠠᠪᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠦᠭᠡᠢ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠨᠢ ᠰᠢᠯᠭᠠᠨ ᠠᠪᠬᠤ ᠠᠵᠢᠯ ᠢ ᠪᠦᠲᠦᠮᠵᠢᠲᠡᠶ ᠬᠢᠬᠦ ᠶᠢᠨ ᠠᠷᠭ᠎ᠠ ᠦᠭᠡᠶ ᠪᠣᠯᠭᠠᠵᠤ ᠮᠡᠳᠡᠨ᠎ᠡ᠂ ᠴᠢᠨᠠᠭᠰᠢᠯᠠᠪᠠᠯ ᠳᠤᠲᠠᠭᠳᠠᠯ ᠪᠠ ᠣᠮᠲᠣᠭᠠᠶᠢᠯᠠᠯ ᠢᠯᠡᠷᠡᠵᠦ᠂ ᠡᠭᠦᠨ ᠤ ᠤᠯᠠᠮ ᠠᠴᠠ ᠲᠥᠷᠥᠯ ᠵᠦᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠢ ᠨᠥᠯᠥᠭᠡᠯᠡᠨ᠎ᠡ᠃    ᠭᠤᠷᠪᠠ ᠳᠤ᠂ ᠲᠤᠭ᠎ᠠ ᠪᠠᠷᠢᠮᠲᠠ ᠶᠢ ᠰᠢᠯᠭᠠᠨ ᠠᠪᠬᠤ ᠳᠤ ᠦᠨᠡᠨ ᠪᠣᠳᠠᠲᠠᠶ ᠪᠤᠰᠤ ᠪᠠᠶᠢᠨ᠎ᠠ᠃ ᠵᠠᠷᠢᠮ ᠪᠠᠶᠢᠳᠠᠯ ᠤᠨ ᠳᠣᠣᠷ᠎ᠠ᠂ ᠰᠢᠯᠭᠠᠨ ᠠᠪᠬᠤ ᠠᠵᠢᠯᠲᠠᠨ ᠤ ᠬᠠᠷᠢᠭᠤᠴᠠᠯᠭᠠᠲᠤ ᠰᠡᠳᠬᠢᠯᠭᠡ ᠴᠢᠩᠭ᠎ᠠ ᠪᠤᠰᠤ᠂ ᠰᠢᠯᠭᠠᠨ ᠠᠪᠬᠤ ᠲᠤᠭ᠎ᠠ ᠪᠠᠷᠢᠮᠲᠠ ᠳᠤ ᠦᠨᠡᠨ ᠪᠣᠳᠠᠲᠠᠶ ᠪᠤᠰᠤ ᠪᠠᠶᠢᠳᠠᠯ ᠣᠷᠣᠰᠢᠵᠤ ᠮᠡᠳᠡᠨ᠎ᠡ᠃ ᠡᠨᠡ ᠨᠢ ᠰᠢᠯᠭᠠᠨ ᠠᠪᠬᠤ ᠲᠥᠪ ᠭᠤᠣᠯᠴᠢ ᠴᠢᠨᠠᠷ ᠪᠠ ᠪᠤᠰᠤᠳᠴᠢ ᠴᠢᠨᠠᠷ ᠢ ᠡᠪᠳᠡᠭᠰᠡᠨ ᠪᠠᠶᠢᠬᠤ ᠪᠠᠷ ᠪᠠᠷᠠᠬᠤ ᠦᠭᠡᠢ᠂ ᠪᠠᠰᠠ ᠲᠦᠷᠦᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠠᠵᠢᠯᠯᠠᠭᠠᠨ ᠳᠤ ᠳᠠᠯᠳᠠ ᠠᠶᠤᠯ ᠲᠦᠭᠰᠢᠭᠦᠷᠢ ᠠᠪᠴᠢᠷᠠᠭᠰᠠᠨ ᠪᠠᠶᠢᠨ᠎ᠠ     ᠬᠤᠶᠠᠷ᠂ ᠳᠤᠷᠠᠳᠤᠭᠰᠠᠨ ᠰᠠᠨᠠᠭᠤᠯᠭ᠎ᠠ᠄    ᠨᠢᠭᠡ ᠳᠤ᠂ ᠰᠢᠯᠭᠠᠨ ᠠᠪᠬᠤ ᠪᠠᠷᠢᠮᠵᠢᠶ᠎ᠠ ᠶᠢ ᠲᠣᠳᠣᠷᠬᠠᠶᠢᠯᠠᠨ᠎ᠠ᠃ ᠰᠢᠯᠭᠠᠨ ᠠᠪᠬᠤ ᠲᠣᠳᠣᠷᠬᠠᠶ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠪᠤᠶ ᠪᠦᠬᠦᠢ ᠬᠠᠮᠢᠶ᠎ᠠ ᠪᠦᠬᠦᠢ ᠬᠥᠮᠦᠰ ᠤᠨ ᠪᠠᠷᠢᠮᠵᠢᠶ᠎ᠠ ᠶᠢᠨ ᠲᠤᠬᠠᠶ ᠭᠦᠢᠴᠡᠳ ᠣᠶᠢᠯᠠᠭᠠᠬᠤ ᠪᠠ ᠡᠵᠡᠮᠰᠢᠬᠦ ᠶᠠᠪᠤᠳᠠᠯ ᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ ᠲᠤ᠂ ᠰᠢᠯᠭᠠᠨ ᠠᠪᠬᠤ ᠶᠠᠪᠤᠴᠠ ᠶᠢ ᠵᠢᠷᠤᠮᠵᠢᠭᠤᠯᠤᠨ᠎ᠠ᠃ ᠰᠢᠯᠭᠠᠨ ᠠᠪᠬᠤ ᠨᠠᠷᠢᠨ ᠲᠣᠳᠣᠷᠬᠠᠶ ᠪᠥᠭᠡᠳ ᠵᠢᠷᠤᠮᠵᠢᠭᠰᠠᠨ ᠳᠡᠰ ᠳᠠᠷᠠᠭᠠᠯᠠᠯ ᠢ ᠲᠣᠭᠲᠠᠭᠠᠬᠤ ᠶᠢᠨ ᠬᠠᠮᠲᠤ ᠰᠢᠯᠭᠠᠨ ᠠᠪᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠣᠯᠤᠨ ᠡᠷᠬᠡ ᠮᠡᠳᠡᠯ ᠢ ᠲᠣᠳᠣᠷᠬᠠᠶᠢᠯᠠᠬᠤ ᠬᠡᠷᠡᠭᠲᠡᠶ᠃    ᠭᠤᠷᠪᠠ ᠳᠤ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠴᠢᠩᠭᠠᠷᠠᠭᠤᠯᠤᠨ᠎ᠠ᠃ ᠰᠢᠯᠭᠠᠨ ᠠᠪᠬᠤ ᠶᠠᠪᠤᠴᠠ ᠳᠠᠬᠢ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠳ᠋ᠠᠶᠢᠲ᠋ᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠵᠣᠬᠢᠰ ᠦᠭᠡᠢ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号