ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠨ ︽ᠭᠤᠷᠪᠠ ᠶᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/4/22
    ᠣᠶᠢᠷ᠎ᠠ ᠳᠤ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠵᠢᠯᠣᠭᠤᠳᠬᠤ ᠳᠤᠭᠤᠶᠢᠯᠠᠩ ᠰᠧ ᠳ᠋ᠤᠤ ᠸᠠᠨ ᠽᠢ ᠪᠠᠯᠭᠠᠰᠤ᠂ ᠰᠢᠶᠠ ᠸᠠ ᠪᠠᠯᠭᠠᠰᠤ᠂ ᠮᠣᠳᠤᠨ ᠠᠶᠢᠯ ᠰᠢᠶᠠᠩ᠂ ᠬᠤᠸᠠᠩ ᠶᠠᠩ ᠸᠠ ᠪᠠᠯᠭᠠᠰᠤ᠂ ᠪᠠᠶᠢᠰᠡ ᠶᠢᠨ ᠬᠤᠷᠢᠶ᠎ᠠ ᠪᠠᠯᠭᠠᠰᠤᠨ ᠳᠤ ᠭᠦᠨᠵᠡᠭᠡᠶᠢᠷᠡᠵᠦ᠂ ᠰᠢᠶᠠᠩ ᠤᠨ ᠱᠠᠲᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠤᠨ ᠲᠤᠬᠠᠶ ︽ᠨᠢᠭᠤᠷᠳᠠᠨ︾ ᠵᠢᠯᠣᠭᠤᠳᠣᠯᠭ᠎ᠠ ᠦᠢᠯᠡᠴᠢᠯᠡᠭᠡ ᠥᠷᠨᠢᠭᠦᠯᠪᠡ᠃    ᠡᠨᠡ ᠬᠤᠭᠤᠴᠠᠭᠠᠨ ᠳᠤ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠡᠷᠬᠢᠯᠡᠭᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ᠂ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯᠲᠠᠨ ᠲᠠᠢ ᠰᠣᠯᠢᠯᠴᠠᠨ ᠶᠠᠷᠢᠯᠴᠠᠵᠤ᠂ ᠡᠯ᠎ᠡ ᠰᠢᠶᠠᠩ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠣᠶᠢᠯᠠᠭᠠᠵᠤ᠂ ᠡᠯ᠎ᠡ ᠰᠢᠶᠠᠩ ᠪᠠᠯᠭᠠᠰᠤᠨ ᠤ ᠳᠤᠷᠠᠳᠤᠭᠰᠠᠨ ᠪᠣᠳᠠᠲᠠᠶ ᠠᠰᠠᠭᠤᠳᠠᠯ ᠳᠤ ᠨᠠᠷᠢᠨ ᠨᠢᠮᠪᠠᠶ ᠬᠠᠷᠢᠭᠤᠯᠲᠠ ᠥᠭᠪᠡ᠃ ᠡᠭᠦᠨ ᠤ ᠬᠠᠮᠲᠤ ᠡᠯ᠎ᠡ ᠰᠢᠶᠠᠩ ᠪᠠᠯᠭᠠᠰᠤᠨ ᠤ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳ᠋ᠦᠩᠨᠡᠨ ᠬᠤᠪᠢᠶᠠᠯᠴᠠᠵᠤ᠂ ᠬᠠᠨᠳᠤᠯᠭᠠᠲᠤ ᠴᠢᠨᠠᠷᠲᠠᠶ ᠪᠠᠷ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠳᠤᠷᠠᠳᠪᠠ᠃    ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠦᠢᠯᠡᠴᠢᠯᠡᠭᠡ ᠨᠢ ᠡᠯ᠎ᠡ ᠰᠤᠮᠤ ᠰᠢᠶᠠᠩ ᠪᠠᠯᠭᠠᠰᠤ ᠶᠢ ᠬᠠᠪᠰᠤᠷᠤᠨ ᠠᠵᠢᠯ ᠤᠨ ᠬᠦᠴᠢᠷᠳᠡᠯ ᠢ ᠰᠢᠢᠳᠪᠦᠷᠢᠯᠡᠵᠦ᠂ ᠲᠠᠷᠢᠶᠠᠯᠠᠩ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠶᠠᠩ ᠤᠨ ᠱᠠᠲᠤᠨ ᠤ ︽ᠭᠤᠷᠪᠠ ᠶᠢ ᠨᠢᠭᠡ ᠴᠣᠭᠴᠠᠵᠢᠭᠤᠯᠬᠤ︾ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠶ ᠶᠤᠮ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号