ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/22
C:\Users\Administrator\Desktop\1.jpg 
    4 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ ᠵᠠᠩ ᠵᠢᠶᠧ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠬᠢᠨ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠬᠤᠰᠢᠭᠤᠨ ᠤ ᠱᠤᠸᠠᠩ ᠪᠦᠦ ᠦᠬᠡᠷ ᠲᠡᠵᠢᠭᠡᠬᠦ ᠲᠠᠷᠢᠶᠠᠴᠢᠨ ᠤ ᠲᠤᠰᠬᠠᠶ ᠬᠤᠷᠰᠢᠶ᠎ᠠ᠂ ᠰᠢᠨ ᠾᠦᠢ ᠪᠠᠯᠭᠠᠰᠤᠨ ᠤ ᠹᠧᠩ ᠱᠧᠩ ᠳ᠋ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ᠂ ᠾᠦᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠶ ᠬᠤᠷᠰᠢᠶ᠎ᠠ᠂ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ᠂ ᠠᠤᠬᠠᠨ ᠤ ᠨᠠᠷᠢᠮᠤ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠥᠪ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠦᠭᠰᠡᠨ ᠪᠠᠶᠢᠳᠠᠯ᠂ ᠣᠶᠤᠨᠴᠢ ᠲᠠᠷᠢᠶᠠᠯᠠᠩ ᠮᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ  ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠦᠭᠰᠡᠨ ᠪᠠᠶᠢᠳᠠᠯ ᠵᠢᠴᠢ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠭᠤᠤᠯ ᠬᠦᠴᠢᠷᠳᠡᠯ᠂ ᠠᠰᠠᠭᠤᠳᠠᠯ ᠪᠠ ᠰᠠᠨᠠᠭᠤᠯᠭ᠎ᠠ ᠶᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ  ᠬᠤᠷᠠᠯᠳᠤᠪᠠ᠃
C:\Users\Administrator\Desktop\2.jpg
    ᠶᠠᠷᠢᠯᠴᠠᠬᠤ ᠬᠤᠷᠠᠯ ᠳᠡᠭᠡᠷ᠎ᠡ᠂ ︽ᠲᠦᠷᠢᠮ︾ ᠢ ᠳᠣᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠬᠢ ᠠᠵᠢᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃    ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ ᠬᠤᠷᠠᠯ ᠳᠤ ᠣᠷᠣᠯᠴᠠᠭᠰᠠᠳ ᠲᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠪᠠᠶᠢᠴᠠᠭᠠᠬᠤ ᠳᠤᠭᠤᠶᠢᠯᠠᠩ ᠤᠨ ᠦᠵᠡᠬᠦ ᠪᠠᠷ᠂ ᠠᠤᠬᠠᠨ ᠬᠤᠰᠢᠭᠤᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠬᠥᠭᠵᠢᠯᠲᠡ ᠶᠢᠨ ᠰᠡᠳᠬᠢᠴᠡ ᠲᠣᠳᠣᠷᠬᠠᠶ᠂ ᠠᠵᠢᠯ ᠤᠨ ᠬᠠᠷᠠᠯᠲᠠ ᠲᠣᠳᠣᠷᠬᠠᠶ᠂ ᠶᠡᠭᠡ ᠬᠡᠮᠵᠢᠶᠡᠨ ᠤ ᠦᠷ᠎ᠡ ᠪᠦᠲᠦᠮᠵᠢᠲᠡᠶ ᠠᠵᠢᠯ ᠬᠢᠵᠦ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤ ᠨᠢ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ︽ᠲᠦᠷᠢᠮ︾ ᠢ  ᠲᠤᠭᠤᠰᠢᠯᠠᠭᠤᠯᠤᠨ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠣᠳᠠᠲᠠᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ︽ᠲᠦᠷᠢᠮ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠪᠠᠰᠠ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ᠂ ᠡᠳ᠋ ᠤᠨ ᠵᠠᠰᠠᠭ ᠤᠨ ᠪᠠᠯᠠ ᠮᠥᠩᠭᠦ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠳᠤ ᠰᠠᠨᠠᠭᠤᠯᠭ᠎ᠠ ᠳᠤᠷᠠᠳᠪᠠ᠃
C:\Users\Administrator\Desktop\3.jpg
    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠧ ᠰᠢᠤ ᠯᠢ ᠶᠠᠷᠢᠯᠴᠠᠬᠤ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠸᠧᠶ ᠪᠠᠷ᠎ᠠ ᠪᠣᠯᠵᠣ ᠪᠠᠶᠢᠴᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号