| | | 4 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ | ᠬᠤᠷᠢᠶ᠎ᠠ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠠᠤᠬᠠᠨ | ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠤᠬᠠᠨ ᠬᠤᠰᠢᠭᠤᠨ ᠤ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠰᠧ ᠵᠢᠶᠠ ᠽᠢ ᠪᠠᠯᠭᠠᠰᠤᠨ ᠤ ᠵᠦᠪᠯᠡᠯ ᠂ ᠰᠧ ᠵᠢᠶᠠ ᠽᠢ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ ᠠᠤᠬᠠᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ | ᠭᠦᠢᠯᠡᠰᠦᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ᠰᠧ ᠵᠢᠶᠠ ᠽᠢ ᠪᠠᠯᠭᠠᠰᠤᠨ ᠤ ᠴᠠᠭᠠᠨᠬᠠᠳᠠ | ᠲᠣᠰᠬᠤᠨ ᠤ ᠴᠢᠩ ᠴᠢᠤᠸᠠᠨ ᠭᠦ᠋ ᠳᠤ ᠡᠬᠢᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠤ ᠮᠢᠩᠭ᠎ᠠ ᠰᠢᠬᠠᠮ | ᠵᠤᠭᠠᠴᠠᠭᠰᠠᠳ ᠤᠨ ᠠᠩᠬᠠᠷᠤᠯ ᠢ ᠲᠠᠲᠠᠪᠠ᠃ ᠬᠤᠰᠢᠭᠤᠨ ᠲᠠᠰ ᠤᠨ ᠤᠳᠤᠷᠢᠳᠤᠯᠭ᠎ᠠ ᠮᠠ ᠯᠢ ᠬᠤᠸᠠ᠂ ᠶᠧ ᠰᠢᠤ | ᠯᠢ᠂ ᠭᠦᠸᠧ ᠰᠢᠶᠤᠤ ᠴᠢᠶᠤᠤ᠂ ᠵᠠᠩ ᠶᠦᠩ ᠹᠦ᠋᠂ ᠯᠢ ᡁᠢ ᠴᠢᠶᠠᠩ᠂ ᠵᠠᠩ ᠶᠠᠨ ᠮᠢᠨ ᠨᠡᠷ ᠠᠵᠢᠯᠯᠠᠭ᠎ᠠ ᠳᠤ | ᠣᠷᠣᠯᠴᠠᠵᠠᠶ᠃ | ᠲᠣᠬᠠᠢ ᠶᠢᠨ ᠲᠠᠯᠠᠪᠠᠢ ᠳᠤ ᠮᠠᠰᠢ ᠣᠯᠠᠨ ᠭᠤᠶᠢᠳᠠ ᠰᠠᠶᠢᠬᠠᠨ ᠰᠢᠯᠦᠭ ᠳᠠᠭᠤᠯᠠᠯ ᠤᠷᠠᠨ ᠰᠠᠶᠢᠬᠠᠨ ᠤ | ᠲᠣᠭᠯᠠᠯᠲᠠ ᠲᠣᠭᠯᠠᠭᠰᠠᠨ ᠪᠠᠶᠢᠨ᠎ᠠ ᠃ ᠡᠲᠡᠭᠡᠷ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ | ᠬᠠᠯᠠᠭᠤᠨ ᠰᠡᠳᠬᠢᠯᠭᠡ ᠶᠢ ᠨᠡᠮᠡᠭᠳᠡᠭᠦᠯᠦᠭᠰᠡᠨ ᠪᠥᠭᠡᠳ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠤᠯᠠᠨ | ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ᠂ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠬᠠᠮᠲᠤ ᠪᠠᠷ ᠬᠥᠭᠵᠢᠭᠰᠡᠨ | ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠨᠴᠠᠯᠢᠬᠳᠤ ᠡᠬᠢ | ᠪᠠᠶᠠᠯᠢᠭ ᠤᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠠᠤᠬᠠᠨ ᠬᠤᠰᠢᠭᠤᠨ ᠤ | ᠪᠠᠶᠢᠭᠠᠯᠢ ᠶᠢᠨ ᠥᠩᠭᠡ ᠦᠵᠡᠮᠵᠢ ᠪᠠ ᠬᠥᠮᠦᠨ ᠨᠡᠶᠢᠭᠡᠮ ᠤᠨ ᠣᠷᠴᠢᠨ ᠲᠣᠭᠤᠷᠢᠨ ᠢ ᠭᠦᠢᠴᠡᠳ ᠢᠯᠡᠷᠡᠭᠦᠯᠵᠦ᠂ | ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ | ᠢᠳᠡᠪᠬᠢᠲᠡᠶ ᠬᠥᠭᠵᠢᠭᠦᠯᠪᠡ᠃ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ | ᠴᠡᠴᠡᠭ ᠢᠶᠠᠷ ᠵᠠᠭᠤᠴᠢ ᠪᠣᠯᠭᠠᠨ᠂ ᠪᠠᠶᠠᠷ ᠤᠨ ᠡᠳᠦᠷ ᠢᠶᠠᠷ ᠨᠠᠶᠢᠵᠠ ᠨᠥᠬᠦᠷᠯᠡᠵᠦ᠂ ᠵᠢᠭᠤᠯᠴᠢᠯᠠᠯ ᠢᠶᠠᠷ ᠠᠶᠠᠨᠴᠢᠳ ᠢ | ᠲᠠᠲᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠥᠨᠳᠦᠷᠯᠢᠭ ᠢ ᠴᠢᠷᠮᠠᠶᠢᠨ ᠪᠠᠶᠢᠭᠤᠯᠵᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠬᠠᠮᠲᠤ᠂ | ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 4 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ | 12 ᠤᠨ ᠡᠳᠦᠷ ᠪᠣᠯᠲᠠᠯ᠎ᠠ ᠦᠷᠭᠦᠯᠵᠢᠯᠡᠵᠦ᠂ ᠡᠨᠡᠬᠦ ᠬᠤᠭᠤᠴᠠᠭᠠᠨ ᠳᠤ ᠤᠷᠠᠨ ᠰᠠᠶᠢᠬᠠᠨ ᠤ ᠲᠣᠭᠯᠠᠯᠲᠠ᠂ ᠭᠡᠷᠡᠯ | ᠵᠢᠷᠤᠭ ᠤᠨ ᠰᠣᠯᠢᠯᠴᠠᠭ᠎ᠠ᠂ ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ ᠵᠡᠷᠭᠡ ᠰᠢᠷᠢᠰ ᠠᠵᠢᠯᠯᠠᠭ᠎ᠠ ᠥᠷᠨᠢᠭᠦᠯᠬᠦ | ᠪᠣᠯᠤᠨ᠎ᠠ᠃ | |