ᠠᠤᠬᠠᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠭᠦᠢᠯᠡᠰᠦᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠠᠤᠬᠠᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠤᠬᠠᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠧ ᠵᠢᠶᠠ ᠽᠢ ᠪᠠᠯᠭᠠᠰᠤᠨ ᠤ ᠵᠦᠪᠯᠡᠯ ᠂ ᠰᠧ ᠵᠢᠶᠠ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ ᠠᠤᠬᠠᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠭᠦᠢᠯᠡᠰᠦᠨ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠨᠢ ᠰᠧ ᠵᠢᠶᠠ ᠽᠢ ᠪᠠᠯᠭᠠᠰᠤᠨ ᠤ ᠴᠠᠭᠠᠨᠬᠠᠳᠠ ᠲᠣᠰᠬᠤᠨ ᠤ ᠴᠢᠩ ᠴᠢᠤᠸᠠᠨ ᠭᠦ᠋ ᠳᠤ ᠡᠬᠢᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠤ ᠮᠢᠩᠭ᠎ᠠ ᠰᠢᠬᠠᠮ ᠵᠤᠭᠠᠴᠠᠭᠰᠠᠳ ᠤᠨ ᠠᠩᠬᠠᠷᠤᠯ ᠢ ᠲᠠᠲᠠᠪᠠ᠃ ᠬᠤᠰᠢᠭᠤᠨ ᠲᠠᠰ ᠤᠨ ᠤᠳᠤᠷᠢᠳᠤᠯᠭ᠎ᠠ ᠮᠠ ᠯᠢ ᠬᠤᠸᠠ᠂ ᠶᠧ ᠰᠢᠤ ᠯᠢ᠂ ᠭᠦᠸᠧ ᠰᠢᠶᠤᠤ ᠴᠢᠶᠤᠤ᠂ ᠵᠠᠩ ᠶᠦᠩ ᠹᠦ᠋᠂ ᠯᠢ ᡁᠢ ᠴᠢᠶᠠᠩ᠂ ᠵᠠᠩ ᠶᠠᠨ ᠮᠢᠨ ᠨᠡᠷ ᠠᠵᠢᠯᠯᠠᠭ᠎ᠠ ᠳᠤ ᠣᠷᠣᠯᠴᠠᠵᠠᠶ᠃
C:\Users\Administrator\Desktop\10.jpg
    ᠲᠣᠬᠠᠢ ᠶᠢᠨ ᠲᠠᠯᠠᠪᠠᠢ ᠳᠤ ᠮᠠᠰᠢ ᠣᠯᠠᠨ ᠭᠤᠶᠢᠳᠠ ᠰᠠᠶᠢᠬᠠᠨ ᠰᠢᠯᠦᠭ ᠳᠠᠭᠤᠯᠠᠯ ᠤᠷᠠᠨ ᠰᠠᠶᠢᠬᠠᠨ ᠤ ᠲᠣᠭᠯᠠᠯᠲᠠ ᠲᠣᠭᠯᠠᠭᠰᠠᠨ ᠪᠠᠶᠢᠨ᠎ᠠ ᠃ ᠡᠲᠡᠭᠡᠷ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠰᠡᠳᠬᠢᠯᠭᠡ ᠶᠢ ᠨᠡᠮᠡᠭᠳᠡᠭᠦᠯᠦᠭᠰᠡᠨ ᠪᠥᠭᠡᠳ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ᠂ ᠪᠦᠯᠬᠦᠮᠳᠡᠯ ᠲᠠᠢ ᠡᠶ᠎ᠡ ᠵᠣᠬᠢᠴᠠᠩᠭᠤᠢ᠂ ᠬᠠᠮᠲᠤ ᠪᠠᠷ ᠬᠥᠭᠵᠢᠭᠰᠡᠨ ᠰᠢᠨ᠎ᠡ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠨᠴᠠᠯᠢᠬᠳᠤ ᠡᠬᠢ ᠪᠠᠶᠠᠯᠢᠭ ᠤᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠠᠤᠬᠠᠨ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ ᠪᠠ ᠬᠥᠮᠦᠨ ᠨᠡᠶᠢᠭᠡᠮ ᠤᠨ ᠣᠷᠴᠢᠨ ᠲᠣᠭᠤᠷᠢᠨ ᠢ ᠭᠦᠢᠴᠡᠳ ᠢᠯᠡᠷᠡᠭᠦᠯᠵᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠶ ᠬᠥᠭᠵᠢᠭᠦᠯᠪᠡ᠃ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠴᠡᠴᠡᠭ ᠢᠶᠠᠷ ᠵᠠᠭᠤᠴᠢ ᠪᠣᠯᠭᠠᠨ᠂ ᠪᠠᠶᠠᠷ ᠤᠨ ᠡᠳᠦᠷ ᠢᠶᠠᠷ ᠨᠠᠶᠢᠵᠠ ᠨᠥᠬᠦᠷᠯᠡᠵᠦ᠂ ᠵᠢᠭᠤᠯᠴᠢᠯᠠᠯ ᠢᠶᠠᠷ ᠠᠶᠠᠨᠴᠢᠳ ᠢ ᠲᠠᠲᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠥᠨᠳᠦᠷᠯᠢᠭ ᠢ ᠴᠢᠷᠮᠠᠶᠢᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠬᠠᠮᠲᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
C:\Users\Administrator\Desktop\11.jpg
    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 4 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 12 ᠤᠨ ᠡᠳᠦᠷ ᠪᠣᠯᠲᠠᠯ᠎ᠠ ᠦᠷᠭᠦᠯᠵᠢᠯᠡᠵᠦ᠂ ᠡᠨᠡᠬᠦ ᠬᠤᠭᠤᠴᠠᠭᠠᠨ ᠳᠤ ᠤᠷᠠᠨ ᠰᠠᠶᠢᠬᠠᠨ ᠤ ᠲᠣᠭᠯᠠᠯᠲᠠ᠂ ᠭᠡᠷᠡᠯ ᠵᠢᠷᠤᠭ ᠤᠨ ᠰᠣᠯᠢᠯᠴᠠᠭ᠎ᠠ᠂ ᠬᠤᠳᠠᠯᠳᠤᠭᠠᠨ ᠤ ᠳᠡᠯᠭᠡᠨ ᠪᠣᠷᠣᠯᠠᠭᠤᠯᠭ᠎ᠠ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号