ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠰᠢᠨ  ᠾᠦᠢ ᠪᠠᠯᠭᠠᠰᠤᠨ ᠳᠤ ᠬᠦᠷᠴᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠰᠢᠨ ᠾᠦᠢ ᠪᠠᠯᠭᠠᠰᠤᠨ ᠳᠤ ᠬᠦᠷᠴᠦ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠳᠠᠷᠤᠭ᠎ᠠ ᠰᠦᠨ ᠸᠧᠶ ᠶᠧ ᠪᠠᠷ᠎ᠠ ᠪᠣᠯᠪᠠ᠃    ᠪᠠᠶᠢᠴᠠᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠣᠷᠣᠨ ᠪᠠᠶᠢᠷᠢ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ᠂ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠠ  ᠪᠣᠯᠪᠠᠰᠤᠷᠠᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠳᠤᠷᠠᠳᠪᠠ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠬᠤᠷᠢᠭᠯᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ ᠂ ᠠᠵᠢᠯ ᠤᠨ ᠭᠤᠤᠯᠳᠠᠯᠭ᠎ᠠ ᠶᠢ ᠳᠣᠪᠤᠶᠢᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠶᠢ  ᠴᠢᠩᠭᠠᠳᠬᠠᠨ᠂ ᠬᠤᠸᠠᠷ ᠫᠤᠤᠵᠢᠩ᠂ ᠵᠠᠮ ᠬᠠᠷᠢᠯᠴᠠᠭ᠎ᠠ᠂ ᠣᠶ ᠰᠢᠭᠤᠶ ᠶᠢᠨ ᠭᠠᠯ ᠢ ᠰᠡᠷᠭᠡᠶᠢᠯᠡᠨ ᠤᠨᠲᠠᠷᠠᠭᠠᠬᠤ᠂ ᠭᠠᠯ ᠴᠠᠬᠢᠯᠭᠠᠨ ᠬᠡᠷᠡᠭᠯᠡᠬᠦ᠂ ᠢᠳᠡᠭᠡᠨ ᠪᠠ ᠡᠮ ᠤᠨ ᠵᠦᠢᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠵᠤ ᠮᠡᠳᠡᠭᠰᠡᠨ ᠳᠠᠯᠳᠠ ᠬᠡᠮ ᠢ ᠵᠠᠳᠠᠯᠤᠨ ᠰᠤᠳᠤᠯᠵᠤ ᠮᠠᠭᠠᠳᠯᠠᠵᠤ᠂ ᠴᠠᠭ ᠲᠤᠬᠠᠶ ᠳᠤᠨᠢ ᠵᠠᠰᠠᠵᠤ᠂ ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠭᠤᠷᠪᠠ ᠳᠤ ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠠᠵᠢᠯ ᠢ ᠴᠢᠩᠭᠠᠳᠬᠠᠬᠤ ᠬᠡᠷᠡᠭᠲᠡᠶ᠃ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠪᠡᠯᠡᠳᠬᠡᠯ ᠲᠥᠰᠦᠯ ᠤᠨ ᠪᠣᠳᠠᠲᠠᠶ ᠠᠵᠢᠯᠯᠠᠭᠠᠨ ᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠦᠶᠡᠷ ᠢ ᠰᠡᠷᠭᠡᠶᠢᠯᠡᠬᠦ ᠡᠯ᠎ᠡ ᠲᠥᠷᠥᠯ ᠤᠨ ᠡᠳ᠋ ᠪᠣᠳᠠᠰ ᠢ ᠭᠦᠢᠴᠡᠳ ᠲᠣᠬᠢᠷᠠᠭᠤᠯᠵᠤ ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠰᠠᠶᠢᠲᠤᠷ ᠲᠤᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠪᠠᠲᠤ ᠴᠣᠭᠴᠠᠯᠠᠬᠤ ᠬᠡᠷᠡᠭᠲᠡᠢ ᠭᠡᠵᠦ  ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号