ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
    ᠬᠤᠰᠢᠭᠤᠨ ᠤ ᠨᠠᠮ ᠤᠨ ᠬᠤᠷᠢᠶᠠᠨ ᠤ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠶ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 4 ᠰᠠᠷ᠎ᠠ ᠶᠢᠨ 22 ᠤᠨ ᠡᠳᠦᠷ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠪᠠ᠃    ᠬᠤᠷᠠᠯ ᠠᠴᠠ ᠳᠡᠭᠡᠳᠦ ᠱᠠᠲᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ︽ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠠᠵᠢᠯ ᠤᠨ ᠲᠥᠰᠦᠯ︾ ᠢ ᠳᠠᠮᠵᠢᠭᠤᠯᠤᠨ ᠰᠤᠷᠤᠯᠴᠠᠵᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠠᠵᠢᠯ ᠤᠨ ᠲᠥᠰᠦᠯ ᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠳᠤ ᠲᠣᠪᠴᠢᠶ᠎ᠠ ᠶᠢᠨ ᠪᠠᠶᠢᠭᠤᠯᠭ᠎ᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠤᠨ ᠲᠡᠷᠡ ᠬᠡᠪ ᠢᠶᠠᠷ ᠨᠢ ᠰᠤᠷᠤᠯᠴᠠᠬᠤ᠂ ᠨᠡᠪᠲᠡᠷᠡᠲᠡᠯ᠎ᠡ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠨᠠᠷᠢᠨ ᠬᠢᠨᠠᠮᠠᠭᠠᠢ ᠬᠦᠳᠦᠯᠦᠨ ᠵᠢᠯᠣᠭᠤᠳᠴᠤ᠂ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠪᠠᠷ ᠳᠠᠮᠵᠢᠭᠤᠯᠵᠤ᠂ ᠡᠭᠦᠨ ᠤ ᠤᠯᠠᠮ ᠠᠴᠠ ᠪᠠᠶᠢᠭᠤᠯᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠳᠠᠷᠠᠭ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠨᠠᠮ ᠤᠨ ᠭᠡᠰᠢᠭᠦᠨ ᠺᠠᠳ᠋ᠷ ᠢ ᠢᠳᠡᠪᠬᠢᠲᠡᠶ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠲᠡᠷᠡ ᠬᠡᠪ ᠢᠶᠠᠷ ᠨᠢ ᠵᠤᠷᠪᠤᠰ ᠳᠠᠷᠠᠭᠠᠯᠠᠨ ᠰᠤᠷᠤᠯᠴᠠᠭᠤᠯᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠪᠠᠭᠲᠠᠭᠠᠵᠤ᠂ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠣᠭᠲᠠᠭᠠᠯ ᠢ ᠨᠢ ᠲᠣᠳᠣᠷᠬᠠᠶ ᠣᠶᠢᠯᠠᠭᠠᠵᠤ᠂ ᠯᠠᠪᠳᠠᠭᠤᠨ ᠪᠠᠲᠤᠲᠠᠶ ᠰᠤᠷᠤᠯᠴᠠᠯᠭ᠎ᠠ ᠶᠢᠨ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号