| 4 ᠰᠠᠷ᠎ᠠ ᠶᠢᠨ 22 ᠤᠨ ᠡᠳᠦᠷ᠂ ᠠᠤᠬᠠᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠨ ᠢ ᠰᠣᠩᠭᠤᠨ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ | ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠱᠦᠵᠢ ᠯᠢᠦᠶ ᠰᠢ ᠮᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠷᠧᠨ ᠸᠧᠶ ᠬᠤᠷᠠᠯ ᠳᠤ | ᠣᠷᠣᠯᠴᠠᠵᠠᠶ᠃ ᠰᠢᠯᠭᠠᠷᠠᠭᠤᠯᠤᠨ ᠰᠣᠩᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠡ ᠶᠢ ᠪᠠᠲᠤᠯᠠᠨ ᠲᠠᠨᠢᠯᠴᠠᠭᠤᠯᠬᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠪᠦᠦ ᠶᠠ ᠯᠢ ︽ᠠᠤᠬᠠᠨ ᠬᠤᠰᠢᠭᠤᠨ ᠤ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠲᠥᠰᠦᠯ︾ | ᠳᠤ ᠲᠠᠶᠢᠯᠤᠮᠵᠢ ᠬᠢᠪᠠ︔ ᠬᠤᠷᠠᠯ ᠳᠤ ᠣᠷᠣᠯᠴᠠᠭᠰᠠᠳ ︽ᠠᠤᠬᠠᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ | ᠪᠠ ᠲᠡᠷᠢᠭᠦᠨ ᠤ ᠠᠵᠢᠯᠲᠠᠨ ᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠲᠥᠰᠦᠯ︾ ᠢ ᠶᠠᠷᠢᠯᠴᠠᠭᠰᠠᠨ ᠪᠥᠭᠡᠳ | ᠰᠠᠨᠠᠯ ᠢᠶᠠᠨ ᠢᠯᠡᠳᠬᠡᠪᠡ᠃ | ᠬᠤᠷᠠᠯ ᠠᠴᠠ᠂ ᠲᠣᠰ ᠤᠳᠠᠭᠠᠨ ᠤ ᠬᠤᠰᠢᠭᠤᠨ ᠲᠠᠰ ᠤᠨ ᠬᠥᠳᠡᠯᠮᠦᠷᠢ ᠶᠢᠨ ᠵᠢᠱᠢᠶᠡᠴᠢ ᠶᠢ ᠲᠠᠨᠢᠯᠴᠠᠭᠤᠯᠵᠤ | ᠰᠢᠯᠭᠠᠷᠠᠭᠤᠯᠬᠤ ᠳᠤ ᠨᠥᠯᠥᠭᠡᠯᠡᠬᠦ ᠬᠦᠴᠦᠨ ᠶᠡᠭᠡ᠂ ᠤᠯᠤᠰ ᠲᠥᠷᠥ ᠶᠢᠨ ᠴᠢᠨᠠᠷ᠂ ᠲᠥᠷᠥ ᠶᠢᠨ ᠪᠣᠳᠣᠯᠭ᠎ᠠ ᠶᠢᠨ | ᠴᠢᠨᠠᠷ ᠪᠠ ᠵᠠᠷᠴᠢᠮᠲᠤ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠠᠶᠢᠵᠤ᠂ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠥᠷᠭᠡᠨ | ᠣᠯᠠᠨ ᠬᠥᠳᠡᠯᠮᠦᠷᠢᠴᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ | ᠂ ᠲᠣᠰ ᠤᠳᠠᠭᠠᠨ ᠤ ᠬᠤᠰᠢᠭᠤᠨ ᠲᠠᠰ ᠤᠨ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠪᠠᠲᠤᠯᠠᠨ | ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠨ ᠭᠠᠷᠭᠠᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠰᠢᠯᠭᠠᠷᠠᠭᠤᠯᠬᠤ ᠠᠵᠢᠯ ᠤᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠶᠢ ᠦᠨᠳᠦᠰᠦᠨ ᠱᠠᠲᠤᠨ ᠳᠤ | ᠬᠠᠨᠳᠤᠭᠤᠯᠬᠤ᠂ ᠨᠢᠭᠡᠳᠦᠭᠡᠷ ᠹᠷᠣᠨᠲ ᠲᠤ ᠬᠠᠨᠳᠤᠭᠤᠯᠬᠤ ᠶᠢ ᠪᠠᠷᠢᠮᠲᠠᠯᠠᠵᠤ᠂ ᠲᠡᠳᠡᠭᠡᠷ ᠡᠭᠡᠯ ᠵᠢᠷ ᠤᠨ ᠠᠵᠢᠯ ᠤᠨ | ᠪᠠᠶᠢᠷᠢ ᠵᠢᠴᠢ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠦᠨᠡᠨ ᠬᠦ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠠᠵᠢᠯ ᠤᠨ ᠠᠮᠵᠢᠯᠲᠠ ᠲᠤᠪᠤᠶᠢᠮ᠎ᠠ ᠬᠥᠳᠡᠯᠮᠦᠷᠢ ᠶᠢᠨ | ᠵᠢᠱᠢᠶᠡᠴᠢ ᠶᠢ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ | ᠲᠣᠳᠣᠷᠬᠠᠶ ᠪᠣᠯᠭᠠᠵᠤ᠂ ᠬᠤᠯᠪᠣᠭᠠᠯᠠᠨ ᠬᠥᠳᠡᠯᠦᠯᠴᠡᠵᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠴᠢᠩᠭ᠎ᠠ ᠪᠠᠷᠢᠮᠵᠢᠶ᠎ᠠ ᠶᠢ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠠᠵᠢᠯ ᠳᠤ ᠢᠮᠠᠭᠲᠠ ᠲᠤᠭᠤᠰᠢᠯᠠᠭᠤᠯᠵᠤ᠂ | ᠠᠤᠬᠠᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠪᠠᠲᠤᠯᠠᠨ ᠲᠠᠨᠢᠯᠴᠠᠭᠤᠯᠵᠤ | ᠰᠢᠯᠭᠠᠷᠠᠭᠤᠯᠬᠤ ᠠᠵᠢᠯ ᠢ ᠡᠮᠬᠢ ᠵᠢᠷᠤᠮ ᠲᠠᠢ ᠪᠥᠭᠡᠳ ᠬᠦᠴᠦᠲᠡᠶ ᠠᠬᠢᠭᠤᠯᠬᠤ ᠶᠢ ᠪᠠᠲᠤᠯᠠᠬᠤ ᠬᠡᠷᠡᠭᠲᠡᠶ᠃ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠷᠢᠨ ᠬᠢᠨᠠᠮᠠᠭᠠᠶ ᠬᠢᠨᠠᠨ ᠬᠠᠷᠭᠤᠭᠤᠯᠬᠤ ᠪᠣᠭᠤᠮᠲᠠ ᠶᠢ | ᠠᠳᠬᠤᠵᠤ᠂ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ | ᠪᠠᠲᠤᠯᠠᠵᠤ᠂ ᠰᠢᠯᠭᠠᠷᠠᠭᠤᠯᠵᠤ ᠭᠠᠷᠭᠠᠭᠰᠠᠨ ︽ᠬᠥᠳᠡᠯᠮᠦᠷᠢ ᠶᠢᠨ ᠵᠢᠱᠢᠶᠡᠴᠢ︾ ᠪᠠ ︽ᠲᠡᠷᠢᠭᠦᠨ ᠤ︾ ᠴᠣᠯᠠ ᠶᠢᠨ | ᠶᠠᠰᠤ ᠴᠢᠨᠠᠷ ᠢ ᠨᠠᠩ ᠭᠦᠢᠴᠡᠳ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |