| 4 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠵᠢᠯᠣᠭᠤᠳᠬᠤ ᠭᠠᠵᠠᠷ ᠤᠨ | ᠳᠠᠷᠤᠭ᠎ᠠ ᠰᠢᠤᠢ ᠳ᠋ᠠ ᠸᠧᠶ ᠨᠡᠷ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠪᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠤ ᠦᠢᠯᠡᠰ ᠤᠨ | ᠰᠠᠯᠠᠭᠠᠨ ᠤ ᠳᠠᠷᠤᠭ᠎ᠠ ᠵᠠᠩ ᠶᠠᠨ ᠯᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠵᠡᠷᠭᠡ ᠬᠠᠮᠢᠶ᠎ᠠ | ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠠᠵᠢᠯᠯᠠᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠵᠦᠩ ᠤᠣ ᠢᠳᠡᠭᠡᠨ ᠤ | ᠬᠢᠵᠠᠭᠠᠷᠲᠤ ᠺᠣᠮᠫᠠᠨᠢ᠂ ᠢᠦᠢ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠨ ᠪᠠᠶᠢᠴᠠᠭᠠᠨ ᠦᠵᠡᠬᠦ | ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠲᠠᠯᠠᠪᠠᠢ ᠳᠤ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠬᠤ | ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ᠂ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠶᠢ ᠡᠳ᠋ᠯᠡᠬᠦ ᠵᠢᠴᠢ ᠲᠦᠭᠦᠬᠡᠢ ᠮᠠᠲ᠋ᠧᠷᠢᠶᠠᠯ ᠤᠨ ᠢᠷᠡᠯᠲᠡ᠂ ᠨᠠᠷᠢᠯᠢᠭ ᠡᠳ᠋ᠰᠢᠭᠦᠯᠬᠦ᠂ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ | ᠳᠠᠷᠠᠭ᠎ᠠ ᠨᠢ ᠂ ᠠᠵᠢᠯᠯᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯᠲᠠᠨ ᠤ ᠲᠥᠯᠥᠭᠡᠯᠡᠭᠴᠢ | ᠨᠠᠷ ᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠢᠯ ᠤᠨ | ᠲᠣᠭᠤᠷᠢᠨ ᠳᠤ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ ᠹᠧᠩ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠨᠠᠷᠢᠯᠢᠭ ᠡᠳ᠋ᠰᠢᠭᠦᠯᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠳ᠋ᠦᠩᠨᠡᠨ ᠬᠠᠷᠢᠭᠤ ᠮᠡᠳᠡᠭᠦᠯᠬᠦ ᠶᠢᠨ ᠬᠠᠮᠲᠤ᠂ | ᠣᠳᠣᠬᠠᠨ ᠳᠤ ᠮᠠᠨ ᠤ ᠬᠤᠰᠢᠭᠤᠨ ᠤ ᠨᠠᠷᠢᠯᠢᠭ ᠡᠳ᠋ᠰᠢᠭᠦᠯᠬᠦ ᠲᠠᠯ᠎ᠠ ᠪᠠᠷ ᠨᠠᠷᠠᠲᠤ ᠲᠡᠮᠳᠡᠭᠲᠦ ᠶᠢ ᠪᠣᠶ ᠪᠣᠯᠭᠠᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠲᠠᠯ᠎ᠠ ᠪᠠᠷ | ᠲᠤᠯᠭᠠᠷᠠᠵᠤ ᠪᠠᠶᠢᠭ᠎ᠠ ᠪᠣᠳᠠᠲᠠᠶ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠵᠢᠴᠢ ᠾᠦᠢ ᠯᠦᠩ ᠬᠤᠯᠢᠮᠠᠭ ᠠᠮᠤ᠂ ᠱᠢ ᠶᠤᠸᠠᠢ ᠳ᠋ᠣᠣ ᠲᠢᠶᠠᠨ | ᠲᠤᠲᠤᠷᠭ᠎ᠠ ᠶᠢᠨ ᠲᠠᠷᠢᠶ᠎ᠠ ᠵᠡᠷᠭᠡ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠣᠳᠣᠬᠠᠨ ᠤ ᠠᠵᠤ ᠠᠬᠤᠶᠢᠯᠠᠯ ᠳᠤ | ᠲᠤᠯᠭᠠᠷᠠᠵᠤ ᠪᠠᠶᠢᠭ᠎ᠠ ᠪᠡᠯᠡ ᠮᠥᠩᠭᠦ᠂ ᠮᠡᠷᠭᠡᠵᠢᠯ ᠵᠡᠷᠭᠡ ᠲᠠᠯ᠎ᠠ ᠶᠢᠨ ᠪᠣᠳᠠᠲᠠᠶ ᠠᠰᠠᠭᠤᠳᠠᠯ ᠤᠨ ᠲᠤᠬᠠᠶ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | ᠵᠢᠶ ᠰᠢᠤᠢ ᠳ᠋ᠦᠩ᠂ ᠣᠳᠣᠬᠠᠨ ᠳᠤ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ | ᠪᠠᠶᠠᠯᠢᠭ ᠰᠢᠯᠢᠳᠡᠭ ᠰᠠᠶᠢᠨ᠂ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠠᠬᠤᠶᠢᠯᠠᠯ ᠨᠡᠯᠢᠶᠡᠳ ᠣᠯᠠᠨ ᠪᠠᠶᠢᠨ᠎ᠠ᠂ | ᠭᠡᠪᠡᠴᠦ ᠬᠥᠲᠥᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠲᠠᠯ᠎ᠠ ᠪᠠᠷ ᠴᠢᠩᠭ᠎ᠠ | ᠪᠤᠰᠤ᠂ ᠰᠤᠳᠤᠯᠤᠨ ᠨᠡᠭᠡᠭᠡᠬᠦ ᠴᠢᠳᠠᠪᠤᠷᠢ ᠪᠠᠷ ᠳᠤᠲᠠᠮᠠᠭ ᠪᠠᠶᠢᠬᠤ ᠠᠰᠠᠭᠤᠳᠠᠯ ᠣᠷᠣᠰᠢᠵᠤ᠂ ᠠᠵᠤ ᠠᠬᠤᠶᠢᠯᠠᠯ ᠤᠨ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠴᠢᠳᠠᠪᠤᠷᠢ ᠴᠢᠩᠭ᠎ᠠ ᠪᠤᠰᠤ ᠪᠠᠶᠢᠬᠤ ᠵᠡᠷᠭᠡ ᠠᠰᠠᠭᠤᠳᠠᠯ | ᠣᠷᠣᠰᠢᠵᠤ ᠪᠠᠶᠢᠨ᠎ᠠ᠃ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ᠂ | ᠪᠠᠯᠠ ᠮᠥᠩᠭᠦ᠂ ᠴᠢᠳᠠᠪᠤᠷᠢᠲᠠᠨ ᠵᠡᠷᠭᠡ ᠲᠠᠯ᠎ᠠ ᠪᠠᠷ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ | ᠴᠢᠩᠭᠠᠷᠠᠭᠤᠯᠬᠤ ᠶᠢ ᠬᠦᠰᠡᠵᠦ ᠪᠠᠶᠢᠨ᠎ᠠ᠂ ᠡᠭᠦᠨ ᠤ ᠬᠠᠮᠲᠤ ᠮᠠᠨ ᠤ ᠬᠤᠰᠢᠭᠤᠨ ᠤ ᠲᠣᠰ ᠤᠳᠠᠭᠠᠨ ᠤ | ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯᠯᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ | ᠰᠠᠨᠠᠭᠤᠯᠭ᠎ᠠ ᠳᠤ ᠴᠢᠭᠯᠡᠭᠦᠯᠦᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ | ᠡᠳ᠋ᠰᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ | ᠰᠢᠤᠢ ᠳ᠋ᠠ ᠸᠧᠶ ᠠᠴᠠ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠨᠠᠷᠢᠯᠢᠭ ᠡᠳ᠋ᠰᠢᠭᠦᠯᠬᠦ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠲᠣᠰ | ᠤᠳᠠᠭᠠᠨ ᠤ ᠪᠠᠶᠢᠴᠠᠭᠠᠨ ᠰᠤᠳᠤᠯᠵᠤ ᠵᠢᠯᠣᠭᠤᠳᠬᠤ ᠠᠵᠢᠯᠯᠠᠭ᠎ᠠ ᠶᠢᠨ ᠲᠣᠭᠤᠷᠢᠨ ᠳᠤ ᠪᠣᠳᠠᠲᠠᠶ ᠠᠵᠢᠯ ᠤᠨ | ᠱᠠᠭᠠᠷᠳᠠᠯᠭ᠎ᠠ ᠳᠤᠷᠠᠳᠪᠠ᠂ ᠨᠢᠭᠡ ᠳᠤ ᠂ ᠲᠥᠷᠥᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠵᠣᠯᠭᠠᠭᠤᠯᠬᠤ ᠪᠠᠯᠠ ᠮᠥᠩᠭᠦ ᠶᠢ ᠰᠠᠶᠢᠲᠤᠷ ᠠᠰᠢᠭᠯᠠᠨ ᠨᠠᠷᠢᠯᠢᠭ ᠡᠳ᠋ᠰᠢᠭᠦᠯᠬᠦ | ᠦᠢᠯᠡᠳᠪᠦᠷᠢᠯᠡᠯ ᠢ ᠶᠡᠬᠡᠪᠡᠷ ᠬᠦᠭᠵᠢᠭᠦᠯᠬᠦ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ | ᠮᠥᠴᠢᠷ ᠯᠦᠭᠡ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠬᠤᠣᠰᠯᠠᠨ | ᠬᠠᠪᠰᠤᠷᠤᠨ ᠲᠡᠳᠬᠦᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠪᠤᠶᠢᠵᠢᠭᠤᠯᠬᠤ | ᠬᠡᠷᠡᠭᠲᠡᠢ᠃ ᠭᠤᠷᠪᠠ ᠳᠤ᠂ ᠦᠢᠯᠡᠴᠢᠯᠡᠭᠡᠨ ᠤ ᠵᠢᠯᠣᠭᠤᠳᠣᠯᠭ᠎ᠠ ᠶᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠵᠢᠴᠢ ᠠᠵᠤ ᠦᠢᠯᠡᠰ ᠤᠨ ᠠᠯᠪᠠᠨ ᠬᠡᠷ ᠵᠡᠷᠭᠡ ᠠᠵᠤ ᠠᠬᠤᠶᠢᠯᠠᠯ ᠳᠤ ᠲᠤᠯᠭᠠᠷᠠᠵᠤ | ᠪᠠᠶᠢᠭ᠎ᠠ ᠪᠣᠳᠠᠲᠠᠶ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ ᠶᠢᠨ ᠲᠡᠳᠬᠦᠮᠵᠢ ᠶᠢ ᠬᠦᠷᠲᠡᠭᠡᠬᠦ ᠬᠡᠷᠡᠭᠲᠡᠢ ᠭᠡᠪᠡ᠃ |