| ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠢᠭᠰᠠᠭᠠᠯ ᠤᠨ | ᠭᠠᠵᠠᠷ ᠲᠤ ᠲᠦᠰᠢᠭᠯᠡᠵᠦ᠂ ᠡᠯᠪᠡᠭ ᠪᠠᠶᠠᠯᠢᠭ ᠠᠭᠤᠯᠭ᠎ᠠ ᠲᠠᠢ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠳᠤ ᠦᠢᠯᠡᠴᠢᠯᠡᠬᠦ | ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠦ᠂ ᠪᠣᠯᠪᠠᠰᠤᠨ ᠤ ᠴᠡᠴᠡᠭ ᠢ ᠭᠠᠵᠠᠷ ᠪᠣᠯᠭᠠᠨ ᠳᠤ ᠳᠡᠯᠭᠡᠷᠡᠭᠦᠯᠵᠦ᠂ | ᠪᠣᠯᠪᠠᠰᠤᠨ ᠤ ᠬᠡᠪ ᠰᠤᠷᠲᠠᠯ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ | ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠪᠠ᠃ | ᠪᠣᠯᠪᠠᠰᠤᠨ ᠦᠢᠯᠡᠳᠦᠯᠭᠡ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠩ | ᠰᠤᠷᠲᠠᠯ ᠤᠨ ᠭᠤᠸ᠎ᠠ ᠰᠠᠶᠢᠬᠠᠨ ᠢ ᠪᠤᠶᠢᠵᠢᠭᠤᠯᠤᠨ᠎ᠠ᠃ ᠪᠣᠯᠪᠠᠰᠤᠨ ᠦᠢᠯᠡᠳᠦᠯᠭᠡ ᠪᠠᠷ ︽ᠬᠥᠷᠥᠰᠥ ᠰᠢᠷᠣᠶ ᠶᠢ ᠰᠢᠮᠡᠵᠢᠭᠦᠯᠬᠦ | ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ︵ᠥᠷᠲᠡᠭᠡ︶ | ᠤᠨ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ᠂ ᠲᠣᠰᠬᠤᠨ ᠤ ᠺᠠᠳ᠋ᠷ᠂ | ᠨᠤᠲᠤᠭ ᠤᠨ ᠮᠡᠷᠭᠡᠳ᠂ ︽ᠲᠠᠪᠤᠨ ᠠᠬᠠᠮᠠᠳ︾ ᠵᠡᠷᠭᠡ ᠬᠦᠴᠦᠨ ᠢ ᠳᠠᠶᠢᠴᠢᠯᠠᠵᠤ᠂ ᠰᠢᠨ᠎ᠡ ᠴᠠᠭ ᠦᠶ᠎ᠡ ᠶᠢᠨ | ᠪᠣᠯᠪᠠᠰᠤᠨ ᠦᠢᠯᠡᠳᠦᠯᠭᠡ ᠶᠢᠨ ᠰᠠᠶᠢᠨ ᠳᠤᠷᠠᠴᠤᠤᠳ ᠤᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ | ᠪᠣᠯᠪᠠᠰᠤᠨ ᠢᠶᠠᠷ ᠢᠳᠬᠠᠨ ᠰᠤᠷᠭᠠᠬᠤ᠂ ᠣᠷᠴᠢᠨ ᠠᠬᠤᠶ ᠶᠢ ᠴᠡᠭᠴᠡᠯᠡᠨ ᠵᠠᠰᠠᠬᠤ᠂ ᠰᠦᠢᠳᠬᠡᠯ ᠬᠤᠷᠢᠶᠠᠬᠤ ᠥᠬᠡᠶ ᠪᠠᠷ | ᠠᠯᠪᠠᠨ ᠵᠢᠷᠤᠮ ᠤᠨ ᠡᠮᠴᠢᠯᠡᠭᠡ ᠬᠢᠬᠦ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ᠂ ᠬᠦᠴᠢᠷᠳᠡᠯᠲᠡᠶ | ᠬᠡᠷ ᠪᠦᠯᠢ ᠶᠢ ᠲᠣᠬᠤᠨᠢᠭᠤᠯᠬᠤ ᠵᠡᠷᠭᠡ ᠡᠯ᠎ᠡ ᠲᠥᠷᠥᠯ ᠤᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠡᠭᠦᠨ ᠤ ᠬᠠᠮᠲᠤ᠂ ︽ᠦᠵᠡᠰᠬᠦᠯᠡᠩᠲᠦ ᠰᠠᠶᠢᠬᠠᠨ | ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ ᠡᠷᠦᠬᠡ︾ ︽ᠬᠠᠮᠤᠭ ᠤᠨ ᠭᠤᠶᠣ ᠬᠡᠷ ᠪᠦᠯᠢ︾ ᠵᠡᠷᠭᠡ ᠲᠡᠷᠢᠭᠦᠨ ᠤ | ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠡᠷᠭᠡᠳᠡᠬᠢ ᠥᠯᠢᠭᠡᠷ | ᠳᠠᠭᠤᠷᠢᠶᠠᠯ ᠢ ᠰᠣᠩᠭᠤᠨ ᠡᠭᠦᠳᠬᠦ ᠪᠠᠷ ᠳᠠᠮᠵᠢᠭᠤᠯᠤᠨ᠂ ᠶᠣᠰᠣ ᠮᠣᠷᠠᠯ ᠢᠶᠠᠷ ᠬᠥᠲᠥᠯᠦᠨ ᠳᠠᠭᠠᠭᠤᠯᠬᠤ᠂ ᠵᠢᠷᠤᠮᠵᠢᠭᠤᠯᠬᠤ᠂ | ᠬᠢᠵᠠᠭᠠᠷᠯᠠᠬᠤ ᠶᠢᠨ ᠳᠣᠲᠣᠭᠠᠳᠤ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠨᠤᠲᠤᠭ ᠤᠨ ᠰᠤᠷᠲᠠᠯ ᠢ ᠪᠤᠶᠢᠵᠢᠭᠤᠯᠤᠨ᠎ᠠ᠃ | ᠡᠨᠡ ᠵᠢᠯ ᠠᠴᠠ ᠨᠠᠰᠢ᠂ ᠡᠯ᠎ᠡ ᠲᠥᠷᠥᠯ ᠤᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠨᠡᠶᠢᠲᠡ 12 ᠲᠠᠯᠠᠪᠤᠷ ᠤᠳᠠᠭ᠎ᠠ | ᠥᠷᠨᠢᠭᠦᠯᠵᠦ᠂ ᠣᠯᠠᠨ ᠲᠦᠮᠡᠨ ᠳᠤ 600 ᠭᠠᠷᠤᠶ ᠬᠥᠮᠦᠨ ᠤᠳᠠᠭ᠎ᠠ ᠦᠢᠯᠡᠴᠢᠯᠡᠵᠦ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠬᠠᠮᠢᠭ᠎ᠠ ᠪᠠᠶᠢᠪᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠨᠴᠥᠭ ᠪᠤᠯᠤᠩ ᠲᠡᠨᠳᠡ | ᠬᠦᠷᠬᠦ ᠪᠣᠯᠤᠨ᠎ᠠ᠃ | ᠪᠣᠯᠪᠠᠰᠤᠨ ᠦᠢᠯᠡᠳᠦᠯᠭᠡ ᠶᠢᠨ ᠬᠥᠲᠥᠯᠥᠨ ᠳᠠᠭᠠᠭᠤᠯᠬᠤ ᠬᠦᠴᠦᠨ ᠢ ᠳᠡᠭᠡᠭᠰᠢᠯᠡᠭᠦᠯᠵᠦ᠂ ᠠᠮᠢ ᠠᠬᠤᠶ ᠶᠢᠨ ᠦᠨᠳᠦᠰᠦ | ᠰᠠᠭᠤᠷᠢ ᠶᠢ ᠵᠢᠷᠤᠭᠯᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ | ᠰᠠᠶᠢᠵᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ | ᠴᠢᠬᠤᠯᠠ ᠡᠭᠦᠷᠭᠡ ᠮᠥᠨ᠂ ᠪᠠᠰᠠ ᠴᠤ ᠥᠷᠭᠡᠨ ᠤᠯᠠᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠃ | ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ | ᠵᠢᠷᠭᠢᠶ᠎ᠡ ᠶᠢᠨ ᠬᠤᠯᠪᠣᠭ᠎ᠠ ᠶᠢ ᠭᠦᠢᠴᠡᠳ ᠠᠰᠢᠭᠯᠠᠵᠤ᠂ ᠰᠣᠶᠣᠯ ᠤᠨ ᠤᠬᠠᠭᠤᠯᠭ᠎ᠠ ᠶᠢᠨ ᠪᠤᠯᠤᠩ ᠲᠤᠬᠢᠷᠠᠭᠤᠯᠬᠤ ᠵᠡᠷᠭᠡ | ᠤᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠤᠢ | ᠪᠣᠯᠭᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠥᠮᠦᠰ ᠤᠨ | ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ | ᠬᠥᠮᠦᠨ ᠪᠦᠬᠦᠨ ᠣᠷᠣᠯᠴᠠᠬᠤ᠂ ᠪᠥᠬᠦ ᠠᠵᠢᠯᠲᠠᠨ ᠬᠥᠳᠡᠯᠦᠯᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠡᠨᠡ ᠵᠢᠯ ᠠᠴᠠ ᠨᠠᠰᠢ᠂ ᠰᠠᠯᠪᠤᠷᠢ ᠰᠢᠶᠠᠩ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ︽ | ᠬᠦᠴᠢᠷᠳᠡᠯ᠂ ᠭᠤᠣᠯᠳᠠᠯᠭ᠎ᠠ᠂ ᠲᠦᠭᠵᠢᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠪᠤᠵᠠᠷ ᠡᠷᠦᠢ ᠬᠤᠷᠤᠢ ᠦᠭᠡᠢ ᠵᠦᠷᠢᠶ᠎ᠡ ᠲᠠᠢ | ᠠᠰᠠᠭᠤᠳᠠᠯ ᠢ 50 ᠭᠠᠷᠤᠢ ᠰᠢᠢᠳᠪᠦᠷᠢᠯᠡᠪᠡ᠃ | ᠪᠣᠯᠪᠠᠰᠤᠨ ᠦᠢᠯᠡᠳᠦᠯᠭᠡ ᠶᠢᠨ ᠤᠷᠢᠶᠠᠯᠠᠬᠤ ᠬᠦᠴᠦᠨ ᠢ ᠳᠡᠭᠡᠭᠰᠢᠯᠡᠭᠦᠯᠵᠦ᠂ ᠪᠣᠯᠪᠠᠰᠤᠨ ᠰᠤᠷᠲᠠᠯ ᠢ ᠪᠤᠢ ᠪᠣᠯᠭᠠᠨ᠎ᠠ᠃ | ᠲᠣᠰᠬᠤᠨ ᠤ ᠳᠦᠷᠢᠮ ᠠᠷᠠᠳ ᠤᠨ ᠭᠡᠷ᠎ᠡ ᠳᠤ ᠪᠢᠳᠡ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠱᠠᠯᠢᠨ ᠪᠦᠷᠢᠯᠭᠡᠬᠦ ᠶᠢ | ᠡᠷᠡᠰ ᠬᠤᠷᠢᠭᠯᠠᠨ᠎ᠠ ᠃ ᠣᠶᠢᠷ᠎ᠠ ᠶᠢᠨ ᠵᠢᠯ ᠠᠴᠠ ᠨᠠᠰᠢ᠂ ᠰᠠᠯᠪᠤᠷᠢ ᠰᠢᠶᠠᠩ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠶ | ᠠᠬᠢᠭᠤᠯᠬᠤ ᠶᠢ ᠪᠣᠯᠪᠠᠰᠤᠨ ᠢ ᠡᠭᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠠᠶᠢᠨ ᠰᠠᠶᠢᠬᠠᠨ ᠬᠡᠪ | ᠰᠤᠷᠲᠠᠯ ᠢ ᠪᠠᠳᠠᠷᠠᠭᠤᠯᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠠᠷᠢᠯᠭᠠᠪᠠ᠃ ᠡᠭᠦᠨ ᠤ ᠬᠠᠮᠲᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠲᠤ ᠲᠦᠰᠢᠭᠯᠡᠨ᠂ ᠦᠵᠡᠯ ᠰᠠᠨᠠᠭ᠎ᠠ ᠶᠣᠰᠣ | ᠰᠤᠷᠲᠠᠬᠤᠨ ᠤ ᠬᠡᠪ ᠴᠢᠨᠠᠷ ᠤᠨ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠪᠠᠳᠠᠷᠠᠭᠤᠯᠵᠤ᠂ ᠳᠡᠷᠭᠡᠳᠡᠬᠢ ᠰᠠᠶᠢᠨ ᠬᠥᠮᠦᠨ ᠪᠣᠯᠤᠨ | ᠶᠣᠰᠣ ᠰᠤᠷᠲᠠᠬᠤᠨ ᠤ ᠵᠢᠱᠢᠶᠡᠴᠢ ᠶᠢᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ | ᠳᠠᠮᠵᠢᠭᠤᠯᠤᠨ᠂ ᠦᠨᠡᠨᠬᠦ ᠰᠠᠶᠢᠨ ᠰᠠᠶᠢᠬᠠᠨ ᠢ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠤᠨ᠎ᠠ᠃ |