ᠤᠷᠤᠢ ᠶᠢᠨ ᠰᠦᠮ᠎ᠡ ᠰᠤᠮᠤ ᠄ ᠵᠤᠵᠠᠭᠠᠨ ᠰᠦᠯᠢᠶᠣᠣ ᠪᠦᠷᠬᠦᠪᠴᠢ ᠮᠠᠯᠵᠢᠬᠤ ᠤᠷᠤᠨ ᠳᠤ ᠤᠷᠤᠵᠤ ᠬᠠᠶᠠᠭᠳᠠᠮᠠᠯ ᠪᠣᠳᠠᠰ ᠦᠭᠡᠢ ᠲᠠᠯ᠎ᠠ ᠨᠤᠲᠤᠭ ᠢᠷᠡᠭᠡᠳᠦᠢ ᠶᠢ ᠵᠣᠷᠢᠨ᠎ᠠ
ᠨᠡᠶᠢᠲᠡᠯᠡᠭᠰᠡᠨ ᠴᠠᠭ᠄
2024/4/25
    ᠣᠶᠢᠷ᠎ᠠ ᠳᠤ᠂ ᠬᠠᠪᠤᠷ ᠤᠨ ᠲᠠᠷᠢᠶᠠᠯᠠᠭ᠎ᠠ ᠶᠢᠨ ᠠᠵᠢᠯᠯᠠᠭ᠎ᠠ ᠵᠠᠯᠭᠠᠭ᠎ᠠ ᠶᠠᠪᠤᠭᠳᠠᠬᠤ ᠶᠢ ᠳᠠᠭᠠᠯᠳᠤᠨ᠂ ᠤᠷᠤᠢ ᠶᠢᠨ ᠰᠦᠮ᠎ᠡ ᠰᠤᠮᠤ ᠶᠢᠨ ᠲᠠᠷᠢᠶᠠᠯᠠᠩ ᠤᠨ ᠥᠷᠲᠡᠭᠡ ᠶᠠᠭ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠲᠤ ︽ᠵᠤᠵᠠᠭᠠᠨ︾ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢ ᠢᠳᠡᠪᠬᠢᠲᠡᠶ ᠳᠡᠯᠭᠡᠷᠡᠭᠦᠯᠵᠦ ᠪᠠᠶᠢᠨ᠎ᠠ᠃ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠪᠣᠯ ᠲᠠᠷᠢᠶᠠᠯᠠᠩ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠪᠣᠬᠢᠷᠲᠤᠯ ᠥᠬᠡᠶ ᠬᠤᠪᠢᠷᠠᠭᠤᠯᠬᠤ ᠶᠢᠨ ᠴᠢᠬᠤᠯᠠ ᠨᠢᠭᠡ ᠭᠤᠭᠴᠤᠭ᠎ᠠ ᠮᠥᠨ᠃ ᠣᠷᠤᠢ ᠶᠢᠨ ᠰᠦᠮ᠎ᠡ ᠰᠣᠮᠣ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ︽ᠬᠠᠶᠠᠭᠳᠠᠮᠠᠯ ᠪᠣᠳᠠᠰ ᠦᠭᠡᠢ ᠲᠠᠯ᠎ᠠ ᠨᠤᠲᠤᠭ︾ ᠤᠨ ᠪᠦᠲᠦᠭᠡᠨ ᠪᠠᠶᠢᠭᠤᠯᠤᠯᠲᠠ ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃    ᠤᠯᠠᠮᠵᠢᠯᠠᠯᠲᠤ ᠰᠦᠯᠢᠶᠣᠣ ᠪᠦᠷᠬᠦᠪᠴᠢ ᠲᠠᠢ ᠬᠠᠷᠢᠴᠠᠭᠤᠯᠪᠠᠯ᠂  ᠵᠤᠵᠠᠭᠠᠨ ᠰᠦᠯᠢᠶᠣᠣ ᠪᠦᠷᠬᠦᠪᠴᠢ ᠶᠢᠨ ᠲᠠᠲᠠᠬᠤ ᠬᠦᠴᠦᠨ ᠪᠠ ᠤᠶᠠᠨ ᠬᠠᠳᠠᠨ ᠴᠢᠨᠠᠷ ᠨᠢ ᠨᠡᠩ  ᠴᠢᠩᠭ᠎ᠠ᠂ ᠦᠯᠡᠳᠡᠭᠳᠡᠯ ᠪᠦᠷᠬᠦᠪᠴᠢ ᠶᠢᠨ  ᠮᠠᠰᠢᠨᠴᠢᠯᠠᠯᠲᠠ ᠶᠢᠨ ᠡᠭᠡᠭᠦᠯᠦᠨ ᠬᠤᠷᠢᠶᠠᠬᠤ ᠨᠣᠷᠮ᠎ᠠ ᠨᠢ ᠨᠠᠩ ᠥᠨᠳᠥᠷ᠂ ᠮᠠᠰᠢᠨᠴᠢᠯᠠᠯᠲᠠ ᠪᠠᠷ ᠡᠭᠡᠭᠦᠯᠦᠨ ᠬᠤᠷᠢᠶᠠᠬᠤ ᠦᠶ᠎ᠡ ᠳᠤ ᠰᠦᠯᠢᠶᠣᠣ ᠪᠦᠷᠬᠦᠪᠴᠢ ᠶᠢᠨ ᠦᠩᠭᠡᠨ ᠳᠠᠪᠬᠤᠷᠭ᠎ᠠ ᠶᠢᠨ ᠬᠥᠷᠥᠰᠥ ᠪᠣᠯᠤᠨ ᠬᠤᠯᠢᠴᠠ ᠨᠢ ᠴᠦ ᠮᠡᠳᠡᠭᠳᠡᠮ᠎ᠡ ᠪᠠᠭᠠᠰᠴᠤ᠂ ᠵᠤᠵᠠᠭᠠᠨ ᠰᠦᠯᠢᠶᠣᠣ ᠪᠦᠷᠬᠦᠪᠴᠢ ᠶᠢ ᠬᠡᠷᠡᠭᠯᠡᠪᠡᠯ ᠬᠥᠷᠥᠰᠥ ᠰᠢᠷᠣᠢ ᠶᠢᠨ ᠳᠤᠯᠠᠭᠠᠨ ᠢ ᠨᠡᠮᠡᠭᠳᠡᠭᠦᠯᠵᠦ᠂ ᠴᠢᠬᠢᠭ ᠢ ᠬᠠᠮᠠᠭᠠᠯᠠᠵᠤ᠂ ᠴᠢᠬᠢ ᠶᠢ ᠬᠠᠮᠠᠭᠠᠯᠠᠬᠤ ᠴᠢᠨᠠᠷ ᠨᠢ ᠨᠡᠩ ᠰᠠᠶᠢᠨ ᠪᠣᠯᠬᠤ ᠶᠢᠨ ᠬᠠᠮᠲᠤ ᠪᠠᠰᠠ ᠤᠰᠤ ᠠᠷᠪᠢᠯᠠᠵᠤ ᠪᠣᠵᠠᠷ ᠡᠪᠡᠰᠦ ᠶᠢ ᠬᠢᠵᠠᠭᠠᠷᠯᠠᠵᠤ ᠴᠢᠳᠠᠨ᠎ᠠ᠂ ᠡᠨᠡ ᠨᠢ ᠤᠷᠤᠢ ᠶᠢᠨ ᠰᠦᠮ᠎ᠡ ᠰᠤᠮᠤ ᠶᠢᠨ ᠤᠰᠤ ᠳᠤᠲᠠᠮᠠᠭ ᠭᠠᠵᠠᠷ ᠣᠷᠣᠨ ᠤ ᠲᠠᠷᠢᠶᠠᠯᠠᠩ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ  ᠨᠡᠮᠡᠭᠰᠡᠨ ᠪᠠᠶᠢᠨ᠎ᠠ ᠃     ᠣᠷᠤᠢ ᠶᠢᠨ ᠰᠦᠮ᠎ᠡ ᠰᠣᠮᠣ ᠵᠤᠵᠠᠭᠠᠨ ᠰᠦᠯᠢᠶᠣᠣ ᠪᠦᠷᠬᠦᠪᠴᠢ ᠶᠢ ᠬᠡᠷᠡᠭᠯᠡᠬᠦ ᠠᠵᠢᠯ ᠢ ᠢᠳᠡᠪᠬᠢᠲᠡᠢ ᠤᠬᠠᠭᠤᠯᠵᠤ᠂ ᠲᠠᠷᠢᠶᠠᠯᠠᠩ ᠤᠨ ᠥᠷᠲᠡᠭᠡᠨ ᠤ ᠮᠡᠷᠭᠡᠵᠢᠯ ᠤᠨ ᠠᠵᠢᠯᠲᠠᠨ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ ᠵᠢᠴᠢ ᠵᠤᠵᠠᠭᠠᠨ ᠰᠦᠯᠢᠶᠣᠣ ᠪᠦᠷᠬᠦᠪᠴᠢ ᠶᠢ ᠬᠡᠷᠡᠭᠯᠡᠬᠦ ᠶᠢᠨ ᠰᠠᠶᠢᠨ ᠲᠠᠯ᠎ᠠ ᠶᠢ ᠤᠬᠠᠭᠤᠯᠵᠤ᠂ ᠵᠠᠰᠠᠭ ᠤᠨ ᠣᠷᠳᠣᠨ ᠠᠴᠠ ᠰᠦᠯᠢᠶᠣᠣ ᠪᠦᠷᠬᠦᠪᠴᠢ ᠶᠢ ᠨᠢᠭᠡᠳᠦᠯᠲᠡᠢ ᠬᠤᠳᠠᠯᠳᠤᠨ ᠠᠪᠴᠤ ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠶᠢᠨ ᠬᠠᠮᠲᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠷᠣᠭᠤᠯᠤᠯᠲᠠ ᠶᠢ ᠪᠠᠭᠤᠷᠠᠭᠤᠯᠵᠤ᠂ ᠤᠯᠠᠨ ᠲᠦᠮᠡᠨ ᠳᠤ  ᠦᠨᠡᠨᠬᠦ ᠠᠰᠢᠭ  ᠬᠥᠷᠲᠡᠭᠡᠨ᠎ᠡ᠃ ᠡᠯ᠎ᠡ ᠭᠠᠴᠠᠭᠠᠨ ᠤ ᠣᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠴᠤᠤᠷᠢᠶᠠᠲᠤᠨ ᠳᠠᠭᠠᠵᠤ᠂ ᠵᠤᠵᠠᠭᠠᠨ ᠰᠦᠯᠢᠶᠣᠣ ᠪᠦᠷᠬᠦᠪᠴᠢ ᠶᠢ ᠢᠳᠡᠪᠬᠢᠲᠡᠶ ᠪᠠᠷ ᠵᠠᠬᠢᠶᠠᠯᠠᠨ ᠠᠪᠴᠤ᠂ ᠣᠲᠣ ᠨᠢᠭᠡᠨᠲᠡ 2000 ᠭᠠᠷᠤᠶ ᠮᠥ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠵᠠᠬᠢᠶᠠᠯᠠᠨ ᠬᠤᠳᠠᠯᠳᠤᠨ ᠠᠪᠬᠤ ᠶᠢ ᠪᠡᠶᠡᠯᠡᠭᠦᠯᠵᠦ᠂ ᠳᠡᠭᠡᠳᠦ ᠱᠠᠲᠤᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃    ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠢ ᠪᠦᠲᠦᠮᠵᠢᠲᠡᠢ ᠰᠡᠷᠭᠡᠶᠢᠯᠡᠨ ᠵᠠᠰᠠᠵᠤ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠦᠨᠳᠦᠰᠦᠨ ᠱᠠᠭᠠᠷᠳᠠᠯᠭ᠎ᠠ ᠪᠣᠯᠤᠨ᠎ᠠ᠂ ᠤᠷᠤᠢ ᠶᠢᠨ ᠰᠦᠮ᠎ᠡ ᠰᠤᠮᠤ ᠨᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠲᠤᠭᠤᠰᠢᠯᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠬᠠᠶᠠᠭᠳᠠᠮᠠᠯ ᠪᠣᠳᠠᠰ ᠦᠭᠡᠢ ᠲᠠᠯ᠎ᠠ ᠨᠤᠲᠤᠭ︾ ᠤᠨ ᠪᠦᠳᠦᠭᠡᠨ ᠪᠠᠶᠢᠭᠤᠯᠤᠯᠲᠠ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠨ ᠠᠬᠢᠭᠤᠯᠬᠤ ᠳᠤ ᠨᠡᠩ ᠤᠯᠠᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号