ᠠᠤᠬᠠᠨ ᠬᠤᠰᠢᠭᠤᠨ ᠤ ᠶᠢᠰᠦᠳᠦᠭᠡᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠰᠢᠨ ᠾᠦᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ
ᠨᠡᠶᠢᠲᠡᠯᠡᠭᠰᠡᠨ ᠴᠠᠭ᠄
2024/4/25
               4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠶᠢᠰᠦᠳᠦᠭᠡᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠰᠢᠨ ᠾᠦᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠢ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠨ ᠾᠦᠢ  ᠭᠤᠷᠪᠠᠳᠤᠭᠠᠷ ᠳᠤᠮᠳᠠᠳᠤ ᠰᠤᠷᠭᠠᠭᠤᠯᠢ ᠳᠠᠭᠠᠭᠠᠴᠢᠯᠠᠨ ᠡᠷᠭᠢᠯᠡᠪᠡ᠃
C:\Users\Administrator\Desktop\1.jpg
    ᠡᠬᠢᠯᠡᠯᠲᠡ ᠶᠢᠨ ᠶᠣᠰᠣᠯᠠᠯ ᠳᠤ ᠠᠤᠬᠠᠨ ᠬᠤᠰᠢᠭᠤᠨ ᠤ 30 ᠳᠤᠮᠳᠠᠳᠤ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠬᠤ ᠠᠩᠭᠢ ᠶᠢᠨ ᠳᠠᠭᠠᠭᠤᠯᠤᠭᠴᠢ᠂ ᠰᠤᠷᠭᠠᠨᠴᠢ᠂ ᠲᠠᠮᠢᠷᠴᠢᠨ᠂ ᠬᠢᠨᠠᠭᠴᠢ ᠪᠠ ᠠᠵᠢᠯᠲᠠᠨ 500 ᠭᠠᠷᠤᠶ ᠬᠦᠮᠦᠰ ᠪᠠᠶᠢᠪᠠ᠃     ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠭᠦᠸᠧ ᠾᠦᠢ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠯᠢ ᠴᠢᠩ ᠰᠥᠩ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠽᠸᠦ ᠼᠦᠨ ᠵᠢᠶᠧ ᠨᠥᠬᠦᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠡᠬᠢᠯᠡᠯᠲᠡ ᠶᠢᠨ ᠶᠣᠰᠣᠯᠠᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠶᠦ᠋ᠨ ᠡᠷᠭᠢᠯᠡᠪᠡ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠭᠦᠸᠧ ᠾᠦᠢ ᠡᠬᠢᠯᠡᠯᠲᠡ ᠶᠢᠨ  ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠤᠷᠤᠯᠳᠤᠭᠠᠨ ᠡᠬᠢᠯᠡᠭᠰᠡᠨ ᠢ  ᠵᠠᠷᠯᠠᠪᠠ ᠃
 C:\Users\Administrator\Desktop\2.jpg
     ᠣᠲᠣ ᠪᠣᠯᠲᠠᠯ᠎ᠠ᠂ ᠪᠥᠬᠦ ᠬᠤᠰᠢᠭᠤᠨ ᠳᠤ ᠤᠯᠤᠰ ᠤᠨ ᠲᠠᠰ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 19 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 5 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 5 ᠪᠣᠶ᠃ ᠡᠲᠡᠭᠡᠷ ᠤᠨᠴᠠᠯᠢᠭᠳᠤ ᠰᠤᠷᠭᠠᠭᠤᠯᠢ ᠶᠢ ᠭᠤᠶᠤᠴᠢᠯᠠᠨ ᠮᠡᠳᠡᠭᠦᠯᠦᠭᠰᠡᠨ ᠨᠢ ᠠᠮᠵᠢᠯᠲᠠ ᠣᠯᠵᠤ᠂ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢ ᠲᠦᠭᠡᠮᠡᠯᠵᠢᠭᠦᠯᠦᠨ᠂ ᠱᠠᠲᠤᠯᠵᠢᠨ ᠡᠩᠨᠡᠭᠡ ᠶᠢ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠠᠵᠢᠯ ᠤᠨ ᠥᠷᠨᠢᠯᠲᠡ ᠶᠢ ᠠᠬᠢᠭᠤᠯᠪᠠ᠃ ᠠᠤᠬᠠᠨ ᠬᠤᠰᠢᠭᠤᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠭᠰᠡᠨ ᠠᠴᠠ ᠨᠠᠰᠢ᠂ ᠬᠤᠯᠪᠣᠭᠠᠲᠤ ᠤᠷᠤᠯᠳᠤᠭᠠᠨ ᠢᠶᠠᠷ ᠲᠦᠰᠢᠭ ᠪᠣᠯᠭᠠᠵᠤ᠂ ᠡᠯ᠎ᠡ ᠰᠤᠷᠭᠠᠭᠤᠯᠢ ᠪᠠᠷ ᠦᠨᠳᠦᠰᠦᠨ ᠨᠢᠭᠡᠴᠢ ᠪᠣᠯᠭᠠᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ  ᠪᠠᠷ ᠡᠬᠢᠯᠡᠯᠲᠡ ᠪᠣᠯᠭᠠᠵᠤ᠂ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠷ ᠬᠠᠷᠠᠯᠲᠠ ᠪᠣᠯᠭᠠᠨ᠂ ᠢᠳᠡᠪᠬᠢᠲᠡᠶ ᠪᠥᠭᠡᠳ ᠡᠷᠡᠭᠦᠯ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠰᠣᠶᠣᠯ ᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠨᠢ ᠡᠯ᠎ᠡ ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠨ ᠰᠣᠯᠢᠯᠴᠠᠬᠤ ᠬᠤᠯᠪᠣᠭᠠᠰᠤ ᠪᠣᠯᠵᠣ᠂ ᠰᠤᠷᠤᠭᠴᠢᠳ ᠤᠨ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ᠂ ᠡᠷᠡᠯᠬᠡᠭᠯᠡᠨ ᠲᠡᠮᠡᠴᠡᠵᠦ ᠥᠷᠢᠰᠥᠯᠳᠦᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号