| 4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠶᠢᠰᠦᠳᠦᠭᠡᠷ | ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ | ᠬᠤᠯᠪᠣᠭᠠᠲᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠰᠢᠨ ᠾᠦᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ | ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠢ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠨ ᠾᠦᠢ ᠭᠤᠷᠪᠠᠳᠤᠭᠠᠷ ᠳᠤᠮᠳᠠᠳᠤ ᠰᠤᠷᠭᠠᠭᠤᠯᠢ ᠳᠠᠭᠠᠭᠠᠴᠢᠯᠠᠨ | ᠡᠷᠭᠢᠯᠡᠪᠡ᠃ | ᠡᠬᠢᠯᠡᠯᠲᠡ ᠶᠢᠨ ᠶᠣᠰᠣᠯᠠᠯ ᠳᠤ ᠠᠤᠬᠠᠨ ᠬᠤᠰᠢᠭᠤᠨ ᠤ 30 ᠳᠤᠮᠳᠠᠳᠤ ᠪᠠᠭ᠎ᠠ ᠰᠤᠷᠭᠠᠭᠤᠯᠢ ᠶᠢᠨ | ᠤᠷᠤᠯᠳᠤᠭᠠᠨ ᠳᠤ ᠣᠷᠣᠯᠴᠠᠬᠤ ᠠᠩᠭᠢ ᠶᠢᠨ ᠳᠠᠭᠠᠭᠤᠯᠤᠭᠴᠢ᠂ ᠰᠤᠷᠭᠠᠨᠴᠢ᠂ ᠲᠠᠮᠢᠷᠴᠢᠨ᠂ ᠬᠢᠨᠠᠭᠴᠢ ᠪᠠ | ᠠᠵᠢᠯᠲᠠᠨ 500 ᠭᠠᠷᠤᠶ ᠬᠦᠮᠦᠰ ᠪᠠᠶᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠶᠦᠩ ᠹᠦ᠋᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠭᠦᠸᠧ ᠾᠦᠢ᠂ | ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠯᠢ ᠴᠢᠩ ᠰᠥᠩ᠂ | ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠽᠸᠦ ᠼᠦᠨ ᠵᠢᠶᠧ | ᠨᠥᠬᠦᠷ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠡᠬᠢᠯᠡᠯᠲᠡ ᠶᠢᠨ ᠶᠣᠰᠣᠯᠠᠯ ᠢ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠶᠦ᠋ᠨ ᠡᠷᠭᠢᠯᠡᠪᠡ᠃ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠭᠦᠸᠧ ᠾᠦᠢ ᠡᠬᠢᠯᠡᠯᠲᠡ ᠶᠢᠨ ᠶᠠᠷᠢᠶ᠎ᠠ ᠲᠠᠯᠪᠢᠵᠤ᠂ | ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠤᠷᠤᠯᠳᠤᠭᠠᠨ ᠡᠬᠢᠯᠡᠭᠰᠡᠨ ᠢ ᠵᠠᠷᠯᠠᠪᠠ ᠃ | ᠣᠲᠣ ᠪᠣᠯᠲᠠᠯ᠎ᠠ᠂ ᠪᠥᠬᠦ ᠬᠤᠰᠢᠭᠤᠨ ᠳᠤ ᠤᠯᠤᠰ ᠤᠨ ᠲᠠᠰ ᠤᠨ ᠰᠤᠷᠭᠠᠭᠤᠯᠢ ᠶᠢᠨ ᠬᠦᠷᠢᠶᠡᠨ ᠳᠠᠬᠢ ᠬᠥᠯ | ᠪᠥᠮᠪᠦᠭᠡ ᠶᠢᠨ ᠣᠨᠴᠠᠯᠢᠭᠲᠤ ᠰᠤᠷᠭᠠᠭᠤᠯᠢ 19 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 5 ᠪᠠᠶᠢᠵᠤ᠂ ᠥᠪᠡᠷᠲᠡᠭᠡᠨ | ᠵᠠᠰᠠᠬᠤ ᠣᠷᠣᠨ ᠤ ᠬᠡᠤᠬᠡᠳ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 5 ᠪᠣᠶ᠃ ᠡᠲᠡᠭᠡᠷ ᠤᠨᠴᠠᠯᠢᠭᠳᠤ | ᠰᠤᠷᠭᠠᠭᠤᠯᠢ ᠶᠢ ᠭᠤᠶᠤᠴᠢᠯᠠᠨ ᠮᠡᠳᠡᠭᠦᠯᠦᠭᠰᠡᠨ ᠨᠢ ᠠᠮᠵᠢᠯᠲᠠ ᠣᠯᠵᠤ᠂ ᠰᠤᠷᠭᠠᠭᠤᠯᠢ ᠶᠢᠨ ᠬᠦᠷᠢᠶᠡᠨ ᠳᠠᠬᠢ ᠬᠥᠯ | ᠪᠥᠮᠪᠦᠭᠡ ᠶᠢ ᠲᠦᠭᠡᠮᠡᠯᠵᠢᠭᠦᠯᠦᠨ᠂ ᠱᠠᠲᠤᠯᠵᠢᠨ ᠡᠩᠨᠡᠭᠡ ᠶᠢ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠪᠥᠬᠦ | ᠬᠤᠰᠢᠭᠤᠨ ᠤ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠠᠵᠢᠯ ᠤᠨ ᠥᠷᠨᠢᠯᠲᠡ ᠶᠢ ᠠᠬᠢᠭᠤᠯᠪᠠ᠃ | ᠠᠤᠬᠠᠨ ᠬᠤᠰᠢᠭᠤᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠭᠰᠡᠨ ᠠᠴᠠ ᠨᠠᠰᠢ᠂ ᠬᠤᠯᠪᠣᠭᠠᠲᠤ | ᠤᠷᠤᠯᠳᠤᠭᠠᠨ ᠢᠶᠠᠷ ᠲᠦᠰᠢᠭ ᠪᠣᠯᠭᠠᠵᠤ᠂ ᠡᠯ᠎ᠡ ᠰᠤᠷᠭᠠᠭᠤᠯᠢ ᠪᠠᠷ ᠦᠨᠳᠦᠰᠦᠨ ᠨᠢᠭᠡᠴᠢ ᠪᠣᠯᠭᠠᠨ᠂ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠪᠠᠷ ᠡᠬᠢᠯᠡᠯᠲᠡ ᠪᠣᠯᠭᠠᠵᠤ᠂ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠷ | ᠬᠠᠷᠠᠯᠲᠠ ᠪᠣᠯᠭᠠᠨ᠂ ᠢᠳᠡᠪᠬᠢᠲᠡᠶ ᠪᠥᠭᠡᠳ ᠡᠷᠡᠭᠦᠯ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ | ᠰᠣᠶᠣᠯ ᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ ᠶᠢᠨ ᠬᠤᠯᠪᠣᠭᠠᠲᠤ | ᠤᠷᠤᠯᠳᠤᠭᠠᠨ ᠨᠢ ᠡᠯ᠎ᠡ ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠨ ᠰᠣᠯᠢᠯᠴᠠᠬᠤ ᠬᠤᠯᠪᠣᠭᠠᠰᠤ ᠪᠣᠯᠵᠣ᠂ | ᠰᠤᠷᠤᠭᠴᠢᠳ ᠤᠨ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ᠂ ᠡᠷᠡᠯᠬᠡᠭᠯᠡᠨ ᠲᠡᠮᠡᠴᠡᠵᠦ ᠥᠷᠢᠰᠥᠯᠳᠦᠬᠦ ᠴᠢᠬᠤᠯᠠ | ᠲᠠᠪᠴᠠᠩ ᠪᠣᠯᠤᠭᠰᠠᠨ ᠪᠠᠶᠢᠨ᠎ᠠ᠃ | | |