ᠠᠣᠬᠠᠨ ᠬᠤᠰᠢᠭᠤᠨ ᠤ ᠪᠠᠶᠢᠰᠠ ᠶᠢᠨ ᠬᠤᠷᠢᠶ᠎ᠠ ᠪᠠᠯᠭᠠᠰᠤ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/26
        ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠤᠷ ᠲᠦᠪᠰᠢᠨ ᠦᠰᠦᠨ ᠪᠤᠶᠢᠵᠢᠯᠲᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ᠂ ᠪᠠᠶᠢᠰᠡ ᠶᠢᠨ ᠬᠤᠷᠢᠶ᠎ᠠ ᠪᠠᠯᠭᠠᠰᠤ ᠬᠠᠮᠢᠶ᠎ᠠ ᠪᠦᠬᠦᠢ ᠥᠷᠲᠡᠭᠡ ᠭᠠᠵᠠᠷ ᠢ ᠵᠣᠬᠢᠶᠠᠨ ᠪᠠᠶᠢᠭᠤᠯᠵᠤ ᠪᠠᠶᠢᠰᠡ ᠶᠢᠨ ᠬᠤᠷᠢᠶ᠎ᠠ ᠶᠢᠨ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠳᠤ ᠭᠦᠨᠵᠡᠭᠡᠶᠢᠷᠡᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃         ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠰᠡ ᠶᠢᠨ ᠬᠤᠷᠢᠶ᠎ᠠ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠡᠬᠡ ᠲᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠠᠰᠠᠭᠤᠯᠲᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠬᠤᠭᠤᠯᠠᠨ ᠬᠡᠷ ᠤᠨ ᠡᠷᠡᠭᠦᠯ ᠬᠠᠮᠠᠭᠠᠯᠠᠯ᠂ ᠪᠠᠷᠢᠯᠭ᠎ᠠ ᠶᠢᠨ ᠠᠮᠤᠷ ᠲᠦᠪᠰᠢᠨ ᠵᠢᠴᠢ ᠡᠯ᠎ᠡ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠢᠭᠡᠳ ᠨᠢᠭᠡ ᠪᠠᠷ ᠪᠠᠶᠢᠴᠠᠭᠠᠪᠠ᠃ ᠡᠭᠦᠨ ᠤ ᠬᠠᠮᠲᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠭᠠᠯ ᠤᠨᠲᠠᠷᠠᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠡᠤᠬᠡᠳ ᠤᠳ ᠲᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠠᠶᠢᠭᠤᠯᠤᠮᠵᠢ ᠨᠡᠶᠢᠲᠡ 3 ᠪᠠᠶᠢᠵᠤ᠂ ᠪᠠᠶᠢᠴᠠᠭᠠᠬᠤ ᠳᠤᠭᠤᠶᠢᠯᠠᠩ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠢᠳᠡᠭᠡᠨ ᠬᠤᠭᠤᠯᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠳᠠᠯᠳᠠ ᠬᠡᠮ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠠᠰᠠᠭᠤᠳᠠᠯ ᠪᠠ ᠳᠠᠯᠳᠠ ᠬᠡᠮ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤᠨᠢ ᠨᠠᠶᠢᠳᠠᠨ ᠬᠠᠮᠢᠶᠠᠷᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠨᠠᠶᠢᠳᠠᠨ ᠬᠠᠮᠢᠶᠠᠷᠬᠤ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠪᠠᠷᠢᠮᠵᠢᠶ᠎ᠠ ᠶᠢ ᠴᠢᠩᠳᠠᠯᠠᠨ᠂ ᠵᠢᠷᠤᠮᠵᠢᠭᠤᠯᠤᠨ ᠡᠵᠡᠩᠨᠡᠵᠦ᠂ ᠰᠤᠷᠤᠭᠴᠢᠳ ᠤᠨ ᠣᠯᠠᠨ ᠨᠡᠶᠢᠲᠡ ᠶᠢᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠳᠤ ᠠᠰᠢᠭᠲᠠᠶ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃        ᠵᠠᠯᠭᠠᠭᠠᠳ᠂ ᠪᠠᠶᠢᠰᠡ ᠶᠢᠨ ᠬᠤᠷᠢᠶ᠎ᠠ ᠪᠠᠯᠭᠠᠰᠤ ︽ᠡᠷᠬᠢᠨ ᠬᠠᠷᠠᠬᠤ︾ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠮᠡᠨᠳᠦ᠂ ᠠᠮᠤᠷ ᠲᠦᠪᠰᠢᠨ᠂ ᠡᠮᠬᠢ ᠵᠢᠷᠤᠮ ᠲᠠᠢ ᠬᠥᠭᠵᠢᠬᠦ ᠶᠢ ᠦᠨᠡᠨ ᠬᠦ ᠪᠠᠲᠤᠯᠠᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号