| | 4 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠪᠦᠯᠬᠦᠮ ᠳᠠᠭᠠᠭᠤᠯᠤᠨ ︽5.1︾ ᠤ | ᠬᠥᠳᠡᠯᠮᠦᠷᠢᠴᠢᠳ ᠤᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ | ᠵᠢᠯᠣᠭᠤᠳᠴᠤ ᠪᠠᠶᠢᠴᠠᠭᠠᠪᠠ᠃ | ᠮᠠ ᠯᠢ ᠬᠤᠸᠠ ᠨᠠᠷ ᠤᠷᠢᠳ ᠬᠤᠵᠢᠳ ᠤᠣ ᡁᠢ ᠶᠤᠸᠠᠨ ᠵᠢᠭᠤᠯᠴᠢᠯᠠᠯ ᠤᠨ ᠦᠢᠯᠡᠰ ᠤᠨ ᠬᠢᠵᠠᠭᠠᠷᠲᠤ | ᠺᠣᠮᠫᠠᠨᠢ ᠂ ᠸᠠᠨ ᠴᠢᠶᠠᠩ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠱᠠᠨ ᠱᠦᠢ ᠱᠦᠢᠨᠢ ᠶᠢᠨ ᠬᠢᠵᠠᠭᠠᠷᠲᠤ | ᠺᠣᠮᠫᠠᠨᠢ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠯᠠᠪᠯᠠᠨ ᠠᠰᠠᠭᠤᠵᠤ | ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ | ᠬᠤᠳᠠᠯᠳᠤᠭᠠᠨ ᠤ ᠲᠠᠯᠠᠪᠤᠷ᠂ ᠬᠡᠤᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ᠂ ᠠᠵᠤ ᠦᠢᠯᠡᠳᠪᠦᠷᠢ ᠠᠷᠠᠯᠵᠢᠶ᠎ᠠ | ᠵᠡᠷᠭᠡ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ︽5.1︾ ᠤ ᠬᠥᠳᠡᠯᠮᠦᠷᠢᠴᠢᠳ ᠤᠨ | ᠪᠠᠶᠠᠷ ᠤᠨ ᠬᠤᠭᠤᠴᠠᠭᠠᠨ ᠳᠤ ᠠᠮᠤᠷ ᠲᠦᠪᠰᠢᠨ ᠤ ᠰᠡᠷᠭᠡᠶᠢᠯᠡᠯᠲᠡ ᠪᠠ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠶ | ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠮᠠ ᠯᠢ ᠬᠤᠸᠠ ᠠᠴᠠ᠂ ︽5.1︾ ᠤ ᠬᠥᠳᠡᠯᠮᠦᠷᠢᠴᠢᠳ ᠤᠨ ᠪᠠᠶᠠᠷ ᠣᠶᠢᠷᠠᠳᠴᠤ᠂ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠪᠠᠶᠢᠴᠠᠭᠠᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠶᠤᠯ | ᠲᠦᠭᠰᠢᠭᠦᠷᠢ ᠶᠢ ᠰᠤᠳᠤᠯᠤᠨ ᠮᠠᠭᠠᠳᠯᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠳᠦᠷ ᠲᠤᠳᠤᠮ ᠤᠨ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠠᠵᠤ | ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠢᠮᠠᠭᠲᠠ ᠪᠠᠲᠤ ᠴᠡᠭᠡᠵᠢᠯᠡᠵᠦ᠂ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ | ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ | ᠨᠢᠭᠡᠴᠡ ᠨᠦᠭᠦᠳ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠤᠳᠠᠯᠳᠤᠭᠠᠨ ᠤ | ᠬᠡᠳᠦ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ | ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠭᠠᠯ ᠤᠨᠲᠠᠷᠠᠭᠠᠬᠤ | ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ᠂ | ᠨᠤᠲᠤᠭ ᠲᠠᠭᠠᠨ ᠪᠣᠴᠠᠬᠤ ᠪᠠ ᠭᠠᠳᠠᠭᠰᠢ ᠭᠠᠷᠴᠤ ᠵᠤᠭᠠᠴᠠᠬᠤ ᠲᠡᠷᠭᠡ ᠬᠥᠰᠬᠡ ᠢᠯᠡᠳᠲᠡ ᠨᠡᠮᠡᠭᠳᠡᠵᠦ᠂ ᠡᠯ᠎ᠡ | ᠰᠠᠯᠠᠭ᠎ᠠ ᠮᠥᠴᠢᠷ ᠤᠳ ︽ᠬᠤᠶᠠᠷ ᠠᠶᠠᠨᠴᠢᠳ ᠨᠢᠭᠡ ᠠᠶᠤᠯ ᠲᠦᠭᠰᠢᠭᠦᠷᠢ︾ ᠵᠡᠷᠭᠡ ᠭᠤᠤᠯᠳᠠᠯᠭ᠎ᠠ ᠲᠠᠢ ᠲᠡᠷᠭᠡ | ᠬᠥᠰᠬᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠠᠤᠯᠢ ᠪᠤᠰᠤ ᠪᠠᠷ | ᠡᠵᠡᠩᠨᠡᠬᠦ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ᠃ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ | ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠳᠡᠯ ᠤᠨ ᠭᠠᠮᠰᠢᠭ ᠤᠨ ᠮᠡᠳᠡᠭᠡ ᠵᠠᠩᠭᠢ ᠶᠢ | ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠠᠮᠤᠷ ᠠᠮᠤᠭᠤᠯᠠᠩ᠂ ᠥᠯᠵᠡᠶ ᠪᠡᠯᠭᠡ ᠲᠠᠢ ︽5.1 ︾ | ᠤ ᠠᠮᠠᠷᠠᠯᠲᠠ ᠶᠢ ᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | |