| 2024 ᠣᠨ ᠤ 4 ᠰᠠᠷ᠎ᠠ ᠶᠢᠨ 28 ᠤ ᠡᠳᠦᠷ᠂ ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ | ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠠᠶᠤᠯᠭᠦᠶ ᠦᠢᠯᠡᠳᠪᠦᠷᠢᠯᠡᠯ ᠢ | ᠬᠢᠨᠠᠨ ᠵᠢᠯᠣᠭᠤᠳᠴᠤ ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠤᠨ ᠠᠵᠢᠯᠲᠠᠳ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ᠂ ᠰᠢᠲᠠᠮᠠᠬᠠᠶ ᠬᠡᠶ ᠰᠠᠪᠠᠯᠠᠬᠤ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ | ᠭᠦᠨᠵᠡᠭᠡᠶᠢᠷᠡᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠮᠤᠷ ᠲᠦᠪᠰᠢᠨ ᠵᠡᠷᠭᠡ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃ | ᠰᠢᠲᠠᠮᠠᠬᠠᠶ ᠬᠡᠶ ᠶᠢ ᠰᠠᠪᠠᠯᠠᠬᠤ ᠠᠵᠤ ᠠᠬᠤᠶᠢᠯᠠᠯ ᠳᠤ᠂ ᠪᠠᠶᠢᠴᠠᠭᠠᠬᠤ ᠠᠵᠢᠯᠲᠠᠨ ᠰᠠᠪᠠᠯᠠᠬᠤ ᠵᠥᠪᠰᠢᠶᠡᠷᠡᠯ ᠤᠨ | ᠦᠨᠡᠮᠯᠡᠯ ᠨᠢ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠰᠠᠪᠠᠯᠠᠭᠰᠠᠨ | ᠡᠰᠡᠬᠦ︔ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠬᠤ ᠶᠢᠨ ᠬᠠᠮᠲᠤ ᠪᠦᠲᠦᠮᠵᠢᠲᠡᠶ ᠨᠠᠶᠢᠳᠠᠪᠤᠷᠢᠵᠢᠭᠤᠯᠪᠠ︔ ᠲᠣᠭᠲᠠᠭᠠᠯ ᠠᠴᠠ ᠵᠥᠷᠢᠴᠡᠨ ᠬᠤᠭᠤᠴᠠᠭ᠎ᠠ | ᠬᠡᠲᠦᠷᠡᠭᠦᠯᠦᠨ ᠪᠠᠶᠢᠴᠠᠭᠠᠭᠰᠠᠨ ᠦᠭᠡᠶ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ᠂ ᠠᠶᠤᠯᠭᠦᠶ ᠬᠡᠷᠡᠭᠯᠡᠬᠦ | ᠵᠢᠯ ᠬᠤᠭᠤᠴᠠᠭ᠎ᠠ ᠠᠴᠠ ᠬᠡᠲᠦᠷᠡᠭᠰᠡᠨ᠂ ᠬᠡᠷᠡᠭᠯᠡᠭᠡᠨ ᠠᠴᠠ ᠭᠠᠷᠭᠠᠭᠰᠠᠨ᠂ ᠥᠪᠡᠷ ᠤᠨ ᠥᠮᠴᠢᠯᠡᠬᠦ ᠡᠷᠬᠡ ᠶᠢᠨ ᠪᠤᠰᠤ | ᠬᠡᠢ ᠶᠢᠨ ᠲᠦᠩᠰᠡ ᠪᠠᠶᠢᠬᠤ ᠪᠠᠶᠢᠳᠠᠯ ᠣᠷᠣᠰᠢᠵᠤ ᠪᠠᠶᠢᠬᠤ ᠡᠰᠡᠬᠦ︔ ᠰᠠᠪᠠᠯᠠᠵᠤ ᠤᠭᠰᠠᠷᠠᠬᠤ ᠶᠢᠨ ᠳᠠᠭᠠᠤ ᠡᠮᠦᠨ᠎ᠡ | ᠬᠤᠶᠢᠨ᠎ᠠ ᠴᠢᠩᠭ᠎ᠠ ᠪᠠᠶᠢᠴᠠᠭᠠᠬᠤ ᠡᠰᠡᠬᠦ ᠵᠡᠷᠭᠡ ᠳᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠰᠠᠪᠠᠯᠠᠬᠤ ᠨᠢᠭᠡᠴᠡ ᠶᠢ ᠱᠠᠯᠠᠪᠳᠠᠭᠤᠯᠵᠤ ᠪᠠᠶᠢᠭᠠᠳ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠤᠷᠠᠶ ᠲᠠᠯ᠎ᠠ ᠳᠤ ᠴᠢᠭᠯᠡᠭᠦᠯᠦᠨ᠂ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠣᠨᠴᠠᠭᠠᠢ | ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠠᠤᠬᠠᠨ ᠬᠤᠰᠢᠭᠤᠨ ᠤ ᠸᠠᠨ ᠴᠢᠶᠠᠩ ᠠᠭᠤᠳᠠᠮ ᠲᠠᠯᠠᠪᠠᠶ ᠶᠢᠨ ᠬᠤᠳᠠᠯᠳᠤᠭᠠᠨ ᠤ ᠡᠵᠡᠩᠨᠡᠯᠲᠡ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ᠂ ᠪᠠᠶᠢᠴᠠᠭᠠᠬᠤ ᠠᠵᠢᠯᠲᠠᠳ ᠣᠯᠠᠨ ᠨᠡᠶᠢᠲᠡ ᠶᠢᠨ ᠲᠠᠯᠠᠪᠤᠷ ᠤᠨ | ᠴᠠᠬᠢᠯᠭᠠᠨ ᠱᠠᠲᠤ ᠪᠠᠷ ᠭᠤᠤᠯᠳᠠᠯᠭ᠎ᠠ ᠪᠣᠯᠭᠠᠨ᠂ ᠲᠣᠨᠤᠭ ᠲᠥᠬᠦᠭᠡᠷᠦᠮᠵᠢ ᠨᠢ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠡᠰᠡᠬᠦ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠯᠲᠠ ᠨᠢ ᠴᠠᠭ ᠲᠤᠬᠠᠶ ᠳᠤᠨᠢ ᠪᠠᠶᠢᠬᠤ ᠡᠰᠡᠬᠦ᠂ | ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠢ ᠨᠠᠭᠠᠭᠰᠠᠨ ᠡᠰᠡᠬᠦ᠂ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃ ᠠᠵᠤ ᠠᠬᠤᠶᠢᠯᠠᠯ ᠢ ᠱᠠᠯᠠᠪᠳᠠᠭᠤᠯᠵᠤ | ᠪᠠᠶᠢᠭᠠᠳ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠵᠢᠴᠢ ᠪᠠᠶᠠᠷ ᠤᠨ ᠡᠳᠦᠷ ᠤᠨ ᠬᠤᠭᠤᠴᠠᠭᠠᠨ ᠤ | ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠢᠶᠠᠷ ᠠᠵᠢᠯᠯᠠᠬᠤ ᠶᠢ | ᠦᠨᠡᠨᠬᠦ ᠪᠠᠲᠤᠯᠠᠬᠤ ᠬᠡᠷᠡᠭᠲᠡᠶ ᠭᠡᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠢ ᠬᠢᠨᠠᠨ | ᠵᠢᠯᠣᠭᠤᠳᠴᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ | ᠲᠡᠭᠦᠯᠳᠡᠷᠵᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠠᠵᠤ ᠠᠬᠤᠶᠢᠯᠠᠯ ᠤᠨ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃ | | |