ᠰᠠᠯᠪᠤᠷᠢ ᠰᠢᠶᠠᠩ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ  ᠬᠢᠨ᠎ᠡ
ᠨᠡᠶᠢᠲᠡᠯᠡᠭᠰᠡᠨ ᠴᠠᠭ᠄
2024/4/3
       ᠬᠠᠪᠤᠷ ᠤᠨ ᠤᠯᠠᠷᠢᠯ ᠤᠨ ᠭᠠᠯ ᠤᠨ ᠠᠶᠤᠯ  ᠢ ᠶᠡᠬᠡᠪᠡᠷ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠠᠴᠠ ᠨᠠᠰᠢ ᠂ ᠰᠠᠯᠪᠤᠷᠢ ᠰᠢᠶᠠᠩ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠡᠷᠲᠡ ᠪᠠᠶᠢᠷᠢᠯᠠᠭᠤᠯᠵᠤ᠂ ᠡᠷᠲᠡ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠥᠷᠭᠡᠨ ᠢᠶᠠᠷ ᠤᠬᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠨᠡ ᠬᠠᠪᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠶᠢ ᠦᠨᠡᠨᠬᠦ ᠪᠠᠲᠤᠯᠠᠨ᠎ᠠ᠃    ᠨᠢᠭᠡ ᠳᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠳᠠᠲᠠᠶᠢᠵᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠬᠠᠭᠤᠯᠭ᠎ᠠ ᠶᠢᠨ ᠠᠵᠢᠯ ᠤᠨ ᠨᠢᠭᠡᠨ ᠴᠢᠬᠤᠯᠠ ᠠᠭᠤᠯᠭ᠎ᠠ ᠪᠠ ᠠᠷᠭ᠎ᠠ ᠬᠡᠮᠵᠢᠶ᠎ᠡ ᠪᠣᠯᠭᠠᠨ ᠠᠳᠬᠤᠵᠤ᠂ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠤᠯᠤᠩ ᠢ ᠭᠦᠢᠴᠡᠳ ᠠᠰᠢᠭᠯᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢ ᠶᠡᠬᠡᠪᠡᠷ ᠤᠬᠠᠭᠤᠯᠪᠠ︔ ᠠᠭᠤᠯᠠᠨ ᠳᠤ ᠣᠷᠣᠬᠤ ᠵᠠᠮ ᠤᠨ ᠠᠭᠤᠯᠵᠠᠷ᠂ ᠰᠢᠭᠤᠶᠢᠲᠤ ᠣᠷᠣᠨ ᠪᠠ ᠭᠤᠣᠯᠳᠠᠯᠭ᠎ᠠ ᠲᠠᠢ ᠭᠠᠵᠠᠷ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠪᠠᠶᠢᠭᠤᠯᠪᠠ︔ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢᠨ ᠠᠴᠢ ᠬᠤᠯᠪᠣᠭᠳᠠᠯ ᠢ ᠲᠠᠨᠢᠭᠤᠯᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃    ᠬᠤᠶᠠᠷ ᠲᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠪᠣᠳᠠᠲᠠᠶᠢᠵᠢᠭᠤᠯᠤᠨ᠎ᠠ᠃ ᠵᠣᠬᠢᠶᠠᠨ ᠪᠠᠶᠢᠭᠤᠯᠤᠨ ᠳᠠᠶᠢᠴᠢᠯᠠᠬᠤ ᠬᠥᠮᠦᠨ ᠤ ᠬᠦᠴᠦᠨ ᠤ ᠡᠬᠢ ᠪᠠᠶᠠᠯᠢᠭ ᠢ ᠬᠠᠤᠯᠢ ᠶᠣᠰᠣᠭᠠᠷ ᠰᠠᠶᠢᠲᠤᠷ ᠬᠠᠮᠢᠶᠠᠷᠴᠤ᠂ ᠠᠭᠤᠯᠠᠨ ᠭᠠᠯ ᠤᠨ ᠡᠬᠢ ᠰᠤᠷᠪᠤᠯᠵᠢ ᠪᠠ ᠳᠦᠷᠢᠮ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠰᠠᠶᠢᠲᠤᠷ ᠬᠠᠮᠢᠶᠠᠷᠤᠨ᠎ᠠ᠃ ᠭᠠᠯ ᠤᠨ ᠢᠷᠡᠯᠲᠡ ᠶᠢ ᠪᠢᠲᠡᠭᠦᠮᠵᠢᠯᠡᠵᠦ ᠪᠥᠭᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠨ᠂ ᠭᠠᠯ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠪᠣᠯᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠪᠠᠶᠢᠭᠤᠯᠤᠯᠲᠠ ᠶᠢ ᠠᠵᠢᠯ ᠤᠨ ᠭᠤᠤᠯᠳᠠᠯᠭ᠎ᠠ ᠪᠣᠯᠭᠠᠵᠤ᠂ ᠨᠠᠷᠢᠨ ᠵᠦᠢᠯᠡᠰ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠭᠠᠯ ᠤᠨ ᠠᠶᠤᠯ ᠢ  ᠰᠢᠢᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠦᠨ᠎ᠡ᠃    ᠭᠤᠷᠪᠠ ᠳᠤ ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ  ᠶᠢ ᠪᠣᠳᠠᠲᠠᠶᠢᠵᠢᠭᠤᠯᠤᠨ᠎ᠠ᠃ ᠣᠶ ᠰᠢᠭᠤᠶ ᠬᠠᠮᠠᠭᠠᠯᠠᠭᠴᠢᠳ ᠪᠣᠯᠤᠨ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠬᠠᠮᠲᠤᠪᠠᠷ ᠰᠢᠭᠤᠶᠢᠲᠤ ᠣᠷᠣᠨ ᠨᠤᠲᠤᠭ ᠪᠡᠯᠴᠢᠭᠡᠷ ᠲᠤ ᠭᠦᠨᠵᠡᠭᠡᠶᠢᠷᠡᠨ ᠲᠣᠭᠤᠷᠢᠨ ᠪᠠᠶᠢᠴᠠᠭᠠᠵᠤ᠂ ᠭᠤᠤᠯᠳᠠᠯᠭ᠎ᠠ ᠲᠠᠢ ᠭᠠᠵᠠᠷ ᠤᠨ ᠬᠡᠰᠡᠭ ᠢ ᠲᠣᠭᠤᠷᠢᠨ ᠪᠠᠶᠢᠴᠠᠭᠠᠬᠤ ᠨᠢᠭᠲᠠᠴᠠ ᠪᠠᠨ ᠨᠡᠮᠡᠭᠳᠡᠭᠦᠯᠦᠨ᠂ ᠲᠣᠭᠤᠷᠢᠨ ᠬᠠᠮᠠᠭᠠᠯᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠭᠤᠶᠢᠲᠤ ᠣᠷᠣᠨ ᠨᠤᠲᠤᠭ ᠪᠡᠯᠴᠢᠭᠡᠷ ᠤᠨ ᠬᠥᠮᠦᠰ ᠤᠨ ᠠᠮᠢᠳᠤᠷᠠᠯ ᠳᠤ ᠬᠡᠷᠡᠭᠯᠡᠬᠦ ᠭᠠᠯ ᠢ ᠪᠤᠯᠭᠤᠮᠵᠢ ᠦᠭᠡᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ  ᠬᠤᠷᠢᠭᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号